ᠶᠦᠩ ᠹᠧᠩ ᠪᠠᠯᠭᠠᠰᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠡᠷᠭᠢᠯᠡᠪᠡ
ᠨᠡᠶᠢᠲᠡᠯᠡᠭᠰᠡᠨ ᠴᠠᠭ᠄
2024/12/20
  ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠪᠣᠯᠪᠠᠰᠤᠨ ᠤ ᠦᠢᠯᠡᠳᠦᠯᠭᠡ ᠶᠢᠨ ᠠᠵᠢᠯ  ᠤᠨ ᠪᠠᠶᠢᠩᠭᠤᠵᠢᠬᠤ ᠪᠠ ᠲᠤᠰᠬᠠᠶᠢᠵᠢᠬᠤ ᠶᠢ ᠠᠬᠢᠭᠤᠯᠤᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠡᠩᠨᠡᠭᠡ ᠶᠢ ᠨᠠᠷᠢᠯᠢᠭ ᠤᠨᠤᠴᠠᠳᠠᠢ ᠪᠠᠷ ᠤᠯᠠᠨ ᠲᠦᠮᠡᠨ ᠤ ᠱᠠᠭᠠᠷᠳᠠᠯᠭ᠎ᠠ ᠬᠡᠷᠡᠭᠴᠡᠭᠡ ᠲᠠᠢ ᠵᠤᠯᠭᠠᠭᠤᠯᠵᠤ᠂ ᠦᠢᠯᠡᠴᠢᠯᠡᠭᠡᠨ ᠤ ᠴᠢᠳᠠᠮᠵᠢ ᠶᠢ ᠲᠠᠰᠤᠷᠠᠯᠳᠠ ᠦᠭᠡᠢ ᠰᠢᠯᠢᠳᠡᠭᠵᠢᠬᠦᠯᠦᠨ᠂ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ   ᠶᠢᠨ ᠲᠦᠯᠦᠭᠡ᠂ ᠣᠶᠢᠷ᠎ᠠ ᠳᠤ ᠶᠦᠩ ᠹᠧᠩ ᠪᠠᠯᠭᠠᠰᠤ ᠨᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠭᠢᠯᠡᠵᠦ᠂ ᠪᠥᠬᠦ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠰᠠᠯᠪᠤᠷᠢ ᠶᠢᠨ ᠭᠤᠤᠯᠯᠠᠭᠴᠢ ᠭᠡᠰᠢᠬᠦᠳ 80 ᠭᠠᠷᠤᠶ ᠬᠥᠮᠦᠨ ᠪᠣᠯᠪᠠᠰᠤᠷᠠᠯ ᠳᠤ ᠤᠷᠤᠯᠴᠠᠵᠠᠢ᠃ ᠪᠣᠯᠪᠠᠰᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠤᠬᠠᠭᠤᠯᠬᠤ ᠭᠡᠰᠢᠬᠦᠨ ᠠᠴᠠ ᠬᠡᠷᠡᠭ ᠤᠨ ᠵᠢᠱᠢᠶ᠎ᠡ ᠶᠢ ᠵᠠᠳᠠᠯᠬᠤ ᠪᠠ ᠠᠷᠭ᠎ᠠ ᠲᠤᠷᠰᠢᠯᠭ᠎ᠠ ᠪᠠᠨ ᠬᠤᠪᠢᠶᠠᠯᠴᠠᠬᠤ ᠬᠡᠯᠪᠡᠷᠢ ᠪᠠᠷ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡᠨ ᠤ ᠪᠥᠬᠦ ᠵᠢᠯ ᠤᠨ ᠠᠵᠢᠯ ᠡᠭᠦᠷᠭᠡ᠂ ᠰᠠᠭᠤᠷᠢᠨ ᠭᠠᠵᠠᠷ ᠤᠨ ᠪᠠᠶᠢᠭᠤᠯᠤᠯᠲᠠ ᠪᠠ ᠡᠩᠨᠡᠭᠡᠨ ᠤ ᠪᠠᠶᠢᠭᠤᠯᠤᠯᠳᠠ ᠶᠢᠨ ᠱᠠᠭᠠᠷᠳᠠᠯᠭ᠎ᠠ᠂ ᠣᠯᠠᠨ ᠲᠦᠮᠡᠨ ᠳᠤ ᠦᠢᠯᠡᠴᠢᠯᠡᠬᠦ ᠠᠷᠭ᠎ᠠ ᠲᠤᠷᠰᠢᠯᠭ᠎ᠠ᠂  ᠤᠬᠠᠭᠤᠯᠤᠨ ᠵᠢᠯᠣᠭᠤᠳᠬᠤ ᠠᠷᠭ᠎ᠠ ᠬᠡᠯᠪᠡᠷᠢ᠂ ᠤᠷᠮᠠᠰᠢᠭᠤᠯᠤᠨ ᠱᠠᠭᠠᠷᠳᠠᠬᠤ ᠠᠷᠭ᠎ᠠ ᠬᠡᠮᠵᠢᠶ᠎ᠡ ᠵᠡᠷᠭᠡ ᠵᠢᠷᠭᠤᠭᠠᠨ ᠲᠠᠯ᠎ᠠ ᠪᠠᠷ ᠲᠠᠶᠢᠯᠤᠮᠵᠢ ᠬᠢᠭᠰᠡᠨ ᠤ ᠬᠠᠮᠲᠤ᠂ ᠡᠯ᠎ᠡ ᠲᠣᠰᠬᠤᠨ ᠳᠤ ᠰᠠᠶᠢᠨ ᠳᠤᠷ᠎ᠠ ᠶᠢᠨ ᠤᠯᠠᠭᠠᠨ ᠬᠠᠨᠵᠢᠶᠠᠷ᠂ ᠪᠣᠷᠣᠭᠠᠨ ᠤ ᠰᠢᠬᠦᠷ᠂ ᠲᠡᠮᠳᠡᠭᠯᠡᠯ ᠤᠨ ᠳᠡᠪᠲᠡᠷ ᠪᠠ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠵᠢᠯᠣᠭᠤᠳᠬᠤ ᠭᠠᠷ ᠠᠪᠤᠯᠭ᠎ᠠ︾᠂ ︽ᠪᠣᠯᠪᠠᠰᠤᠨ ᠪᠦᠯᠬᠦᠮᠳᠡᠯᠳᠦ ᠴᠢᠯᠦᠭᠡᠳᠦ ᠳᠡᠯᠭᠡᠭᠦᠷ ᠤᠨ ᠬᠤᠪᠢ ᠬᠤᠷᠠᠮᠳᠤᠭᠤᠯᠬᠤ ᠲᠠᠩᠰᠠ︾  ︽ᠪᠣᠯᠪᠠᠰᠤᠨ ᠪᠦᠯᠬᠦᠮᠳᠡᠯᠳᠦ ᠴᠢᠯᠦᠭᠡᠳᠦ ᠳᠡᠯᠭᠡᠭᠦᠷ ᠤᠨ ᠬᠤᠪᠢ  ᠰᠤᠯᠢᠬᠤ ᠲᠠᠩᠰᠠ ︾ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠰᠠᠯᠪᠤᠷᠢ ᠶᠢᠨ ᠠᠵᠢᠯ ᠤᠨ ᠲᠦᠷᠢᠮ ᠤᠨ ᠡᠮᠬᠢᠳᠬᠡᠯ︾ ︽ᠨᠤᠮ ᠤᠨ ᠦᠷᠦᠭᠡᠨ ᠤ ᠵᠢᠬᠡᠯᠡᠵᠦ ᠤᠩᠰᠢᠬᠤ ᠲᠠᠩᠰᠠ︾ ︽ ᠪᠦᠳᠦᠬᠦᠯᠢᠭ ᠵᠠᠩᠰᠢᠯ ᠢ ᠦᠬᠡᠷᠡᠴᠢᠯᠡᠵᠦ ᠪᠤᠯᠪᠠᠰᠤᠨ ᠤᠷᠤᠰᠢᠭᠤᠯᠭ᠎ᠠ ᠶᠢ ᠡᠷᠬᠢᠮᠯᠡᠬᠦ ᠤᠬᠠᠭᠤᠯᠭ᠎ᠠ ᠶᠢᠨ ᠲᠡᠪᠳᠡᠷ︾ ᠵᠡᠷᠭᠡ ᠶᠢ ᠲᠠᠷᠬᠠᠭᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠭᠤᠤᠯᠳᠠᠯᠭ᠎ᠠ ᠲᠠᠢ ᠡᠭᠦᠷᠭᠡ ᠪᠠ ᠳᠡᠭᠡᠭᠰᠢᠯᠡᠭᠦᠯᠬᠦ ᠴᠢᠭᠯᠡᠯ ᠢ ᠲᠣᠳᠣᠷᠬᠠᠶᠢᠯᠠᠪᠠ᠃  ᠡᠨᠡ ᠤᠳᠠᠭᠠᠨ ᠤ ᠪᠣᠯᠪᠠᠰᠤᠷᠠᠯ ᠨᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠡᠩᠨᠡᠭᠡᠨ ᠤ ᠶᠡᠷᠦᠩᠬᠡᠶᠢᠯᠡᠭᠰᠡᠨ ᠬᠡᠪ ᠴᠢᠨᠠᠷ ᠪᠠ  ᠦᠢᠯᠡᠴᠢᠯᠡᠭᠡᠨ ᠤ ᠬᠢᠷᠢ ᠴᠢᠳᠠᠪᠤᠷᠢ ᠶᠢ  ᠴᠢᠨᠠᠭᠰᠢᠳᠠ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠭᠦᠨᠵᠡᠭᠡᠶ ᠥᠷᠨᠢᠭᠦᠯᠬᠦ ᠳᠤ ᠴᠢᠳᠠᠪᠤᠷᠢᠲᠠᠨ ᠤ ᠳᠡᠮᠵᠢᠯᠭᠡ ᠬᠠᠩᠭᠠᠵᠤ᠂ ᠣᠯᠠᠨ ᠲᠦᠮᠡᠨ ᠢ ᠤᠬᠠᠭᠤᠯᠬᠤ᠂ ᠣᠯᠠᠨ ᠲᠦᠮᠡᠨ ᠢ ᠬᠥᠮᠦᠵᠢᠭᠦᠯᠬᠦ᠂ ᠣᠯᠠᠨ ᠲᠦᠮᠡᠨ ᠢ ᠬᠠᠯᠠᠮᠵᠢᠯᠠᠬᠤ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠤᠮᠧᠲᠷ︾ ᠢ ᠨᠡᠪᠳᠡᠷᠡᠬᠦᠯᠦᠭᠰᠡᠨ ᠪᠠᠶᠢᠨ᠎ᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号