︽ᠰᠡᠳᠬᠢᠯ ᠳᠤᠯᠠᠭᠠᠴᠠᠭᠤᠯᠬᠤ ᠨᠡᠭᠦᠷᠡᠰᠦ︾ ᠎ ᠶᠢ ᠲᠠᠷᠠᠬᠠᠭᠠᠵᠤ ︽  ᠬᠠᠯᠠᠭᠤᠨ ᠲᠤᠯᠠᠭᠠᠨ ᠤ ᠢᠨᠵᠧᠨᠧᠷᠢᠩ︾᠎ ᠢ ᠠᠬᠢᠭᠤᠯᠤᠨ᠎ᠠ
ᠨᠡᠶᠢᠲᠡᠯᠡᠭᠰᠡᠨ ᠴᠠᠭ᠄
2024/12/23
    ︽ᠰᠡᠳᠬᠢᠯ ᠳᠤᠯᠠᠭᠠᠴᠠᠭᠤᠯᠬᠤ ᠨᠡᠭᠦᠷᠡᠰᠦ︾᠎ ᠶᠢ ᠲᠠᠷᠬᠠᠭᠠᠬᠤ ᠪᠣᠯ ︽ ᠬᠠᠯᠠᠭᠤᠨ ᠲᠤᠯᠠᠭᠠᠨ ᠤ ᠢᠨᠵᠧᠨᠧᠷᠢᠩ ︾᠎ ᠤᠨ ᠴᠢᠬᠤᠯᠠ ᠪᠦᠷᠢᠯᠳᠦᠬᠦᠨ ᠬᠡᠰᠡᠭ᠂ ᠨᠠᠮ ᠵᠠᠰᠠᠭ ᠠᠴᠠ ᠠᠷᠠᠳ ᠤᠨ ᠠᠮᠢᠳᠤᠷᠠᠯ ᠤᠨ ᠪᠦᠳᠦᠬᠡᠨ ᠪᠠᠶᠢᠭᠤᠯᠤᠯᠲᠠ ᠶᠢ ᠴᠢᠩᠭᠠᠳᠬᠠᠬᠤ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ 12 ᠰᠠᠷ᠎ᠠ ᠶᠢᠨ 20᠎ ᠤ ᠡᠳᠦᠷ ᠪᠤᠯᠬᠤ ᠳᠤ᠂ ᠲᠠᠶᠢᠹᠤᠰᠧ ᠬᠤᠰᠢᠭᠤᠨ ᠤ 2024 ᠣᠨ ᠤ ᠬᠢᠮᠳᠠ ᠨᠡᠭᠦᠷᠡᠰᠦ ᠲᠠᠷᠬᠠᠭᠠᠬᠤ ᠠᠵᠢᠯ ᠰᠢᠪᠳᠤᠷᠤᠭᠠᠨ ᠳᠠᠭᠠᠨ ᠤᠷᠤᠵᠤ᠂  ᠨᠡᠬᠦᠷᠡᠰᠦ ᠠᠪᠬᠤ ᠪᠠᠷ ᠢᠷᠡᠭᠰᠡᠨ ᠰᠠᠭᠤᠭᠠᠯᠢ ᠠᠷᠠᠳ ᠠᠵᠢᠯᠲᠠᠳ ᠤᠨ ᠬᠠᠪᠰᠤᠷᠤᠯᠭ᠎ᠠ ᠳᠣᠤᠷ᠎ᠠ ᠲᠡᠭᠡᠭᠡᠬᠦ᠂ ᠵᠢᠩᠯᠡᠬᠦ᠂ ᠭᠠᠷ ᠤᠨ ᠦᠰᠦᠭ ᠵᠢᠷᠤᠬᠤ᠂ ᠲᠣᠭᠠᠴᠠᠭ᠎ᠠ ᠬᠢᠬᠦ ᠶᠠᠪᠤᠴᠠ ᠪᠠᠷ ᠲᠠᠮᠵᠢᠭᠠᠳ᠂  ᠲᠡᠷᠭᠡ ᠲᠡᠷᠭᠡ ᠨᠡᠬᠦᠷᠡᠰᠦ ᠪᠠᠨ ᠲᠡᠭᠡᠭᠡᠳ ᠰᠡᠳᠬᠢᠯ ᠬᠠᠨᠤᠮᠵᠢᠲᠠᠶ  ᠬᠠᠷᠢᠵᠠᠭᠠᠵᠠᠤ ᠪᠠᠶᠢᠯ᠎ᠠ᠃     ︽ ᠨᠢᠬᠡ ᠲᠣᠨ ᠨᠢ 364 ᠲᠥᠭᠦᠷᠢᠭ᠂ ᠡᠨᠡ ᠨᠡᠭᠦᠷᠡᠰᠦ ᠭᠡᠷ ᠲᠤᠯᠠᠭᠠᠯᠠᠬᠤ ᠳᠤ ᠭᠠᠶᠢᠭᠤᠢ ᠪᠤᠯᠴᠢᠬᠠᠨ᠎ᠠ᠂  ᠬᠠᠮᠤᠭ ᠭᠤᠤᠯ ᠨᠢ ᠵᠠᠬ᠎ᠠ ᠳᠡᠯᠭᠡᠭᠦᠷ ᠤᠨ ᠨᠡᠭᠦᠷᠡᠰᠦ ᠠᠴᠠ ᠬᠤᠯᠠ ᠬᠢᠮᠳᠠ᠃ ᠤᠯᠤᠰ ᠠᠴᠠ ᠡᠶᠢᠮᠦ ᠬᠢᠮᠳᠠ ᠨᠡᠭᠦᠷᠡᠰᠦ ᠶᠢ ᠲᠠᠷᠬᠠᠭᠠᠵᠤ ᠦᠭᠬᠦᠭᠰᠡᠨ ᠨᠢ ᠦᠨᠡᠭᠡᠷ ᠰᠠᠶᠢᠨ ᠪᠠᠶᠢᠨ᠎ᠠ᠂  ᠦᠬᠡᠢ ᠪᠤᠯ ᠲᠡᠷᠡ ᠦᠨᠡᠳᠡᠢ ᠨᠡᠬᠦᠷᠡᠰᠦ ᠶᠢ ᠴᠢᠨᠢ ᠪᠢᠳᠡ ᠠᠪᠴᠤ ᠲᠦᠯᠡᠬᠦ ᠳᠤ ᠬᠦᠴᠢᠷᠳᠡᠨ᠎ᠡ ᠰᠢᠦ᠂ ᠠᠷᠠᠳ ᠢᠷᠭᠡᠳ ᠪᠦᠷ ᠮᠠᠰᠢ ᠪᠠᠶᠠᠷᠯᠠᠵᠤ ᠪᠠᠶᠢᠨ᠎ᠠ︾  ᠬᠡᠮᠡᠨ ᠪᠤᠤᠴᠠᠩ ᠪᠠᠯᠭᠠᠰᠤᠨ ᠤ ᠰᠠᠭᠤᠭᠠᠯᠢ ᠠᠷᠠᠳ ᠵᠤᠤ ᠱᠧᠩ ᠰᠤᠷᠪᠤᠯᠵᠢᠯᠠᠭᠴᠢ ᠳᠤ ᠪᠠᠶᠠᠷᠯᠠᠨ ᠶᠠᠷᠢᠯ᠎ᠠ᠃    2024 ᠣᠨ ᠳᠤ ᠲᠠᠶᠢᠹᠤᠰᠧ ᠬᠤᠰᠢᠭᠤ ᠨᠢ  ᠬᠢᠮᠳᠠ ᠨᠡᠭᠦᠷᠡᠰᠦ ᠲᠠᠷᠬᠠᠭᠠᠬᠤ ᠠᠵᠢᠯ ᠢ ᠡᠷᠲᠡ ᠠᠴᠠ ᠪᠠᠶᠢᠷᠢᠯᠠᠭᠤᠯᠤᠨ ᠡᠷᠲᠡ ᠠᠴᠠ ᠨᠠᠶᠢᠳᠠᠪᠤᠷᠢᠵᠢᠭᠤᠯᠵᠤ᠂  ᠲᠤᠭ᠎ᠠ ᠠᠪᠬᠤ᠂  ᠵᠤᠬᠢᠴᠠᠭᠤᠯᠭ᠎ᠠ ᠬᠢᠬᠦ᠂  ᠵᠦᠬᠡᠬᠡᠪᠦᠷᠢᠯᠡᠨ ᠤᠷᠤᠭᠤᠯᠬᠤ᠂  ᠤᠬᠠᠭᠤᠯᠤᠨ ᠮᠡᠳᠡᠭᠳᠡᠬᠦ ᠵᠡᠷᠭᠡ ᠡᠯ᠎ᠡ ᠲᠦᠷᠦᠯ ᠤᠨ ᠠᠵᠢᠯ ᠢ  ᠨᠢᠭᠡᠳᠦᠯᠲᠡᠢ ᠲᠥᠯᠥᠪᠯᠡᠨ ᠶᠠᠪᠤᠭᠳᠠᠭᠤᠯᠵᠠᠢ᠃ 2024 ᠣᠨ ᠤ ᠨᠡᠭᠦᠷᠡᠰᠦ ᠲᠠᠷᠬᠠᠭᠠᠬᠤ ᠠᠵᠢᠯ ᠨᠢ 10 ᠰᠠᠷ᠎ᠠ ᠶᠢᠨ 22᠎ ᠤᠨ ᠡᠳᠦᠷ ᠠᠴᠠ ᠡᠬᠢᠯᠡᠭᠡᠳ᠂ ᠬᠤᠶᠠᠷ ᠰᠠᠷ᠎ᠠ ᠶᠢᠨ ᠬᠤᠭᠤᠴᠠᠭᠠᠨ ᠳᠤ ᠨᠡᠶᠢᠲᠡ 8395 ᠲᠣᠨ ᠨᠡᠭᠦᠷᠡᠰᠦ  ᠲᠠᠷᠬᠠᠭᠠᠵᠤ᠂ ᠪᠥᠬᠦ ᠬᠤᠰᠢᠭᠤᠨ ᠤ 7 ᠰᠤᠮᠤ ᠰᠢᠶᠠᠩ ᠪᠠᠯᠭᠠᠰᠤ ᠶᠢ ᠬᠠᠮᠤᠷᠤᠨ᠂ 3897 ᠮᠠᠯᠴᠢᠨ ᠲᠠᠷᠢᠶᠠᠴᠢᠨ ᠳᠤ ᠠᠰᠢᠭ ᠬᠦᠷᠳᠡᠭᠡᠭᠰᠡᠨ ᠪᠠᠶᠢᠨ᠎ᠠ᠃       ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠵᠢᠯᠲᠠᠨ ᠯᠢᠦ ᠵᠢᠩ ᠵᠢᠩ ᠰᠤᠷᠪᠤᠯᠵᠢᠯᠠᠭᠴᠢ ᠳᠤ ᠲᠠᠨᠢᠯᠴᠠᠭᠤᠯᠬᠤ ᠳᠠᠭᠠᠨ᠄ ︽ ᠳᠤᠯᠠᠭᠠᠯᠠᠭ᠎ᠠ ᠶᠢᠨ ᠠᠵᠢᠯ ᠢ ᠰᠠᠶᠢᠨ ᠬᠢᠬᠦ ᠶᠢᠨ ᠲᠥᠯᠥᠭᠡ᠂  ᠮᠠᠨ ᠤ ᠬᠤᠰᠢᠭᠤ ᠨᠢ ᠤᠯᠤᠰ ᠤᠨ ᠡᠨᠧᠷᠭᠢ ᠶᠢᠨ ᠪᠤᠷᠤᠯᠠᠭᠤᠯᠭ᠎ᠠ ᠶᠢᠨ ᠪᠦᠯᠦᠭᠯᠡᠯ ᠤᠨ ᠰᠢᠯᠢᠩᠬᠤᠲᠠ ᠳᠠᠬᠢ ᠬᠢᠵᠠᠭᠠᠷᠲᠤ ᠺᠣᠮᠫᠠᠨᠢ ᠲᠠᠢ ᠴᠠᠭ ᠲᠤᠬᠠᠢ ᠳᠤᠨᠢ ᠬᠠᠷᠢᠯᠴᠠᠨ ᠵᠤᠬᠢᠴᠠᠭᠤᠯᠵᠤ᠂ ᠲᠠᠶᠢᠹᠤᠰᠧ ᠬᠤᠰᠢᠭᠤᠨ ᠤ ᠰᠢᠨ ᠱᠦᠨ ᠶᠤᠸᠠᠨ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠳᠤ ᠲᠡᠭᠡᠭᠡᠪᠦᠷᠢ ᠶᠢᠨ ᠠᠵᠢᠯ ᠢ ᠨᠠᠶᠢᠳᠠᠨ ᠬᠢᠯᠭᠡᠵᠡᠢ᠃ ᠲᠠᠷᠠᠭ᠎ᠠ ᠨᠢ ᠡᠯ᠎ᠡ ᠰᠤᠮᠤ ᠰᠢᠶᠠᠩ ᠪᠠᠯᠭᠠᠰᠤ ᠲᠠᠢ ᠬᠠᠷᠢᠯᠴᠠᠵᠤ᠂  ᠡᠨᠡ ᠵᠢᠯ ᠤᠨ ᠨᠡᠭᠦᠷᠡᠰᠦ ᠲᠠᠷᠬᠠᠭᠠᠬᠤ ᠠᠵᠢᠯ ᠢ ᠬᠠᠮᠵᠢᠯᠴᠠᠨ  ᠪᠡᠶᠡᠯᠡᠬᠦᠯᠪᠡ᠃ ᠬᠤᠶᠢᠰᠢᠳᠠ ᠮᠠᠨ ᠤ ᠬᠤᠰᠢᠭᠤ ᠨᠢ ᠤᠯᠠᠨ ᠲᠦᠮᠡᠨ ᠤ ᠱᠠᠭᠠᠷᠳᠠᠯᠭ᠎ᠠ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂  ᠠᠷᠠᠳ ᠤᠯᠠᠨ ᠳᠤ ᠦᠢᠯᠡᠴᠢᠯᠡᠬᠦ ᠪᠠᠷ ᠵᠤᠷᠢᠯᠳᠠ ᠪᠤᠯᠭᠠᠨ᠂  ᠠᠵᠢᠯ ᠤᠨ ᠲᠣᠭᠲᠠᠴᠠ ᠶᠢ ᠰᠢᠯᠤᠭᠤᠳᠬᠠᠵᠤ᠂ ᠣᠷᠴᠢᠨ ᠨᠦᠬᠦᠴᠡᠯ ᠢ ᠰᠢᠯᠢᠳᠡᠭᠵᠢᠬᠦᠯᠦᠨ᠂ ᠱᠠᠭᠠᠷᠳᠠᠯᠭ᠎ᠠ ᠬᠡᠷᠡᠭᠴᠡᠭᠡ ᠶᠢ ᠤᠶᠢᠯᠠᠭᠠᠵᠤ᠂ ᠬᠦᠴᠢᠷ ᠠᠰᠠᠭᠤᠳᠠᠯ ᠢ ᠰᠢᠢᠳᠪᠦᠷᠢᠯᠡᠨ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ  ᠺᠢᠯᠤᠮᠧᠲᠷ︾᠎ ᠢ ᠨᠡᠪᠲᠡᠷᠡᠭᠦᠯᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠦᠢᠯᠡᠴᠢᠯᠡᠭᠡᠨ ᠤ ᠠᠵᠢᠯ ᠢ ᠠᠬᠢᠭᠤᠯᠤᠨ᠎ᠠ︾ ᠬᠡᠯ᠎ᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号