ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠤᠳᠠᠭᠠᠨ ᠤ ᠡᠷᠬᠢᠯᠡᠭᠴᠢ ᠨᠠᠷ ︵ᠥᠷᠭᠡᠳᠬᠡᠭᠰᠡᠨ︶  ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/23
  12 ᠰᠠᠷ᠎ᠠ ᠶᠢᠨ 20 ᠤ ᠡᠳᠦᠷ᠂ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠤᠳᠠᠭᠠᠨ ᠤ ᠡᠷᠬᠢᠯᠡᠭᠴᠢ ᠨᠠᠷ ︵ᠥᠷᠭᠡᠳᠬᠡᠭᠰᠡᠨ︶ ᠤᠨ ᠬᠤᠷᠠᠯ ᠬᠤᠷᠠᠯᠳᠤᠵᠤ  ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢ ᠵᠠᠨ ᠷᠦᠢ ᠬᠤᠷᠠᠯ ᠢ ᠡᠷᠬᠢᠯᠡᠨ᠂ ᠳᠡᠳ᠋ ᠡᠷᠬᠢᠯᠡᠭᠴᠢ ᠪᠠᠭᠠᠲᠤᠷ᠂ ᠦ᠋ ᠭᠤᠸᠠᠩ ᠹᠧᠩ᠂ ᠵᠠᠩ ᠸᠧᠨ ᠴᠠᠩ ᠬᠤᠷᠠᠯ ᠳᠤ ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠬᠦᠨ᠂ ᠳᠡᠳ᠋ ᠡᠷᠬᠢᠯᠡᠭᠴᠢ ᠶᠢᠨ ᠵᠢᠱᠢᠭᠳᠡᠭᠴᠢ ᠯᠢᠦ ᠲᠢᠩ ᠰᠢᠤ ᠬᠤᠷᠠᠯ ᠳᠤ ᠰᠤᠯᠠ ᠤᠷᠤᠯᠴᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ᠂ ᠠᠵᠢᠯ ᠤᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠷᠠᠯ ᠠᠴᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2024 ᠣᠨ ᠤ ᠠᠵᠢᠯ ᠤᠨ ᠳ᠋ᠦᠩᠨᠡᠯᠲᠡ᠂ ᠡᠯ᠎ᠡ ᠠᠵᠢᠯ ᠤᠨ ᠵᠥᠪᠯᠡᠯ ᠤᠨ 2025 ᠣᠨ ᠤ ᠠᠵᠢᠯ ᠤᠨ ᠪᠠᠶᠢᠷᠢᠯᠠᠭᠤᠯᠤᠯᠳᠠ ᠶᠢ ᠬᠢᠨᠠᠨ ᠵᠥᠪᠯᠡᠵᠦ᠂  ᠠᠷᠠᠳ ᠤᠨ ᠲᠥᠯᠥᠭᠡᠯᠡᠭᠴᠢᠳ ᠵᠠᠭᠠᠯᠳᠤᠯᠭ᠎ᠠ ᠠᠴᠠ ᠡᠮᠦᠨᠡᠬᠢ ᠡᠶᠡᠳᠡᠬᠦᠯᠭᠡ ᠶᠢᠨ ᠠᠵᠢᠯ ᠳᠤ ᠣᠷᠣᠯᠴᠠᠬᠤ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠦᠰᠦᠪ᠂ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠪᠡᠯᠡᠳᠬᠡᠯ ᠠᠵᠢᠯ ᠤᠨ ᠲᠦᠰᠦᠪ ︵ᠶᠠᠷᠢᠯᠴᠠᠬᠤ ᠨᠣᠤᠷᠠᠭ︶ ᠢ ᠰᠤᠨᠤᠰᠬᠤ ᠪᠠ ᠬᠢᠨᠠᠨ ᠵᠥᠪᠯᠡᠵᠦ᠂ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠪᠡᠯᠡᠳᠬᠡᠯ ᠠᠵᠢᠯ ᠳᠤ ᠪᠠᠶᠢᠷᠢᠯᠠᠭᠤᠯᠤᠯᠲᠠ ᠬᠢᠪᠠ᠃
 
ᠢᠷᠡᠯᠲᠡ᠄ ᠲᠠᠶᠢᠹᠤᠰᠧ ᠬᠤᠰᠢᠭᠤᠨ ᠤ ᠠᠷᠠᠳ ᠶᠢᠨ ᠲᠥᠯᠥᠭᠡᠯᠡᠭᠴᠢᠳ ᠶᠢᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号