ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/23
  12 ᠰᠠᠷ᠎ᠠ ᠶᠢᠨ 19 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 120 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ 2024 ᠣᠨ ᠤ ᠪᠦᠬᠦ ᠬᠤᠰᠢᠭᠤᠨ ᠤ ᠨᠠᠮ ︵ᠠᠵᠢᠯ︶ ᠤᠨ ᠬᠤᠷᠢᠶᠠᠨ ᠤ ᠱᠦᠵᠢ ᠨᠠᠷ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠬᠤᠷᠠᠯ  ᠢ ᠡᠷᠭᠢᠯᠡᠨ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠥᠬᠦᠶ ᠨᠥᠬᠦᠳ ᠬᠤᠷᠠᠯ ᠳᠤ ᠤᠷᠤᠯᠴᠠᠵᠤ ᠵᠢᠭᠠᠨ ᠵᠢᠯᠤᠭᠤᠳᠴᠠᠢ᠃ ᠬᠤᠷᠠᠯ ᠳᠡᠭᠡᠷ᠎ᠡ᠂ ᠡᠯ᠎ᠡ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠭᠡᠰᠡᠭ ᠰᠠᠯᠠᠭ᠎ᠠ ᠮᠥᠴᠢᠷ ᠤᠨ ᠨᠠᠮ ︵ᠠᠵᠢᠯ︶ ᠤᠨ ᠬᠤᠷᠢᠶᠠᠨ ᠤ ᠱᠦᠵᠢ ᠠᠴᠠ 2024 ᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠬᠠᠶ ᠬᠠᠷᠢᠭᠤ ᠮᠡᠳᠡᠭᠦᠯᠦᠯᠲᠡ ᠬᠢᠵᠦ᠂ ᠴᠧᠨ ᠶᠠᠨ ᠪᠦᠦ ᠲᠤᠬᠠᠶ ᠶᠢᠨ ᠲᠠᠯᠠᠪᠠᠶ ᠳᠤ ᠨᠢᠭᠡᠳ ᠨᠢᠭᠡ ᠪᠠᠷ ᠰᠢᠯᠭᠠᠨ ᠦᠨᠡᠯᠡᠵᠦ  ᠪᠣᠳᠠᠲᠠᠶ ᠱᠠᠭᠠᠷᠳᠠᠯᠭ᠎ᠠ ᠲᠤᠷᠠᠳᠤᠭᠰᠠᠨ ᠪᠦᠭᠡᠳ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠰᠢᠶᠧ ᠶᠢᠨ ᠳ᠋ᠦᠩ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠴᠦᠨ ᠭᠤᠸᠠᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠽᠦᠸᠧ ᡁᠢ ᠭᠦᠸᠧ   ᠠᠴᠠ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠠᠢ ᠪᠠᠨ ᠤᠶᠠᠯᠳᠤᠭᠤᠯᠤᠨ ᠦᠨᠡᠯᠡᠯᠲᠡ ᠬᠢᠵᠦ᠂ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠠᠯᠪᠠᠨ ᠬᠡᠷ ᠤᠨ ᠳᠡᠳ᠋ ᠡᠷᠬᠢᠯᠡᠭᠴᠢ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠡᠷᠬᠢᠯᠡᠭᠴᠢ ᠴᠢ ᠶᠢᠨ ᠯᠢᠶᠠᠩ ᠶᠡᠷᠦᠩᠬᠡᠶᠢᠯᠡᠭᠰᠡᠨ ᠦᠨᠡᠯᠡᠯᠲᠡ ᠬᠢᠵᠡᠶ᠃ ᠬᠤᠷᠠᠯ ᠠᠴᠠ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠳᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠲᠠᠢ ᠨᠢᠭᠲᠠ ᠤᠶᠠᠯᠳᠤᠭᠤᠯᠵᠤ᠂ ︽ᠬᠤᠶᠠᠷ ᠶᠡᠭᠡ ᠶᠠᠪᠤᠳᠠᠯ︾ ᠳᠤ ᠠᠩᠬᠠᠷᠤᠯ ᠲᠦᠪᠯᠡᠷᠡᠬᠦᠯᠦᠨ᠂ ᠨᠠᠮ ᠤᠨ ᠪᠠᠶᠢᠭᠤᠯᠤᠯᠲᠠ ᠶᠢᠨ ᠠᠵᠢᠯ ᠢ ᠠᠵᠤ ᠠᠬᠤᠢ ᠶᠢᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠶᠢᠭᠡᠮ ᠤᠨ ᠵᠠᠰᠠᠯᠲᠠ ᠵᠡᠷᠭᠡ ᠡᠯ᠎ᠡ ᠲᠦᠷᠦᠯ ᠤᠨ ᠠᠵᠢᠯ ᠳᠤ ᠠᠭᠤᠰᠤᠯᠴᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠥᠭᠵᠢᠯᠲᠡ ᠳᠤ ᠦᠢᠯᠡᠴᠢᠯᠡᠬᠦ᠂ ᠤᠯᠠᠨ ᠲᠦᠮᠡᠨ ᠳᠤ ᠦᠢᠯᠡᠴᠢᠯᠡᠬᠦ ᠶᠢᠨ ᠳᠤᠮᠳᠠ ᠨᠠᠮ ᠤᠨ ᠪᠠᠶᠢᠭᠤᠯᠤᠯᠲᠠ ᠶᠢᠨ ᠦᠷᠳᠡᠭ ᠢ ᠢᠯᠡᠷᠡᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠣᠤᠷᠵᠢᠭᠤᠯᠤᠭᠰᠠᠨ ᠬᠠᠮᠢᠶᠠᠷᠤᠯᠲᠠ᠂ ᠨᠠᠷᠢᠯᠢᠭᠵᠢᠭᠤᠯᠤᠭᠰᠠᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠳᠠ ᠶᠢ ᠠᠬᠢᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠥᠷᠢᠶ᠎ᠡ ᠲᠤᠳᠠᠭᠳᠠᠯ ᠢᠶᠠᠨ ᠨᠦᠬᠦᠪᠦᠷᠢᠯᠡᠨ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠲᠡᠭᠡᠭᠰᠢᠯᠡᠬᠦᠯᠦᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠰᠠᠶᠢᠵᠢᠷᠠᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠶ ᠬᠡᠵᠦ ᠱᠠᠭᠠᠷᠳᠠᠭᠰᠠᠨ ᠪᠠᠶᠢᠨ᠎ᠠ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠳ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠤᠯ ᠤᠳᠤᠷᠢᠳᠤᠯᠭ᠎ᠠ᠂ ᠡᠯ᠎ᠡ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠳᠡᠳ᠋ ᠱᠦᠵᠢ᠂ ᠰᠠᠬᠢᠯᠭ᠎ᠠ ᠪᠠᠲᠤ ᠪᠠᠶᠢᠴᠠᠭᠠᠬᠤ  ᠬᠤᠷᠢᠶᠠᠨ ᠤ ᠱᠦᠵᠢ᠂ ᠵᠣᠬᠢᠶᠠᠨ ᠪᠠᠶᠢᠭᠤᠯᠬᠤ ᠭᠡᠰᠢᠭᠦᠨ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ᠂ ᠡᠯ᠎ᠡ ᠠᠷᠠᠳ ᠤᠨ ᠪᠦᠯᠬᠦᠮ᠂ ᠠᠵᠢᠯ ᠦᠢᠯᠡᠰ ᠤᠨ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠬᠡᠰᠡᠭ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠤᠨ ᠲᠥᠯᠥᠭᠡᠯᠡᠭᠴᠢ ᠨᠠᠷ ᠬᠤᠷᠠᠯ ᠳᠤ ᠣᠷᠣᠯᠴᠠᠵᠠᠶ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号