ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/23
  12 ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠬᠤᠰᠢᠭᠤ ᠨᠠᠮ ᠤᠨ ᠬᠤᠷᠢᠶᠠᠨ ᠤ 121 ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ 2 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠠᠢ᠃ ᠬᠤᠷᠠᠯ ᠠᠴᠠ᠂ ᠡᠯ᠎ᠡ ᠰᠤᠮᠤ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠨ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠤᠨ ᠣᠨᠴᠠᠯᠢᠭ ᠵᠢᠮ᠎ᠡ ᠶᠢ ᠡᠵᠡᠮᠳᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠤᠨ ᠲᠣᠭᠤᠷᠢᠨ ᠳᠤ᠂ ᠦᠨᠳᠦᠰᠦᠲᠡᠨ ᠱᠠᠰᠢᠨ ᠰᠤᠷᠲᠠᠬᠤᠨ᠂ ᠠᠷᠠᠳ ᠠᠴᠠ ᠡᠵᠡᠩᠨᠡᠭᠰᠡᠨ ᠠᠵᠤ ᠠᠬᠤᠢ  ᠶᠢᠨ ᠵᠤᠬᠢᠶᠠᠨ ᠪᠠᠶᠢᠭᠤᠯᠤᠯᠳᠠ᠂ ᠨᠠᠮ ᠤᠨ ᠭᠠᠳᠠᠨᠠᠬᠢ ᠰᠡᠬᠡᠭᠡᠲᠡᠨ᠂ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠦᠰ ᠵᠢᠴᠢ ᠰᠢᠶᠠᠩᠭᠠᠩ ᠣᠣᠮᠧᠨ ᠲᠠᠶᠢᠸᠠᠨ᠂ ᠬᠠᠷᠢᠶᠠᠲᠤ ᠶᠢᠨ ᠶᠠᠪᠤᠳᠠᠯ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠢᠭᠡᠳᠦᠮᠡᠯ ᠹᠷᠣᠨᠲ ᠤᠨ ᠠᠵᠢᠯ ᠢ ᠰᠠᠶᠢᠨ ᠬᠢᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ ᠪᠠ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠨ᠂ ᠠᠵᠢᠯ ᠤᠨ ᠬᠠᠮᠲᠤᠷᠠᠯ ᠤᠨ ᠬᠦᠴᠦᠨ ᠢ ᠨᠡᠮᠡᠭᠳᠡᠬᠦᠯᠵᠦ᠂ ᠰᠢᠨ᠎ᠡ ᠴᠠᠭ ᠦᠶ᠎ᠡ ᠶᠢᠨ ᠶᠡᠭᠡ ᠨᠢᠭᠡᠳᠦᠮᠡᠯ ᠹᠷᠣᠨᠲ ᠤᠨ ᠪᠠᠶᠢᠷᠢᠰᠢᠯ ᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃ ᠪᠥᠬᠦ  ᠬᠤᠰᠢᠭᠤ ᠪᠠᠷ ᠢᠶᠠᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠯᠭᠠᠨ ᠦᠨᠡᠯᠡᠬᠦ ᠭᠦᠢᠴᠡᠳᠭᠡᠯ ᠲᠤᠭ᠎ᠠ ᠪᠠ ᠭᠤᠷᠪᠠᠳᠠᠬᠢ ᠡᠲᠡᠭᠡᠳ ᠤᠨ ᠬᠠᠷᠢᠭᠤ ᠲᠤᠰᠬᠠᠭᠰᠠᠨ ᠰᠠᠨᠠᠯ ᠲᠠᠢ ᠬᠠᠷᠢᠴᠠᠭᠤᠯᠤᠨ᠂ ᠳᠤᠲᠠᠭᠤᠳᠠᠯ ᠢᠶᠠᠨ ᠨᠥᠬᠦᠪᠥᠷᠢᠯᠡᠵᠦ᠂ ᠡᠯ᠎ᠡ ᠲᠦᠷᠦᠯ ᠤᠨ ᠠᠵᠢᠯ ᠡᠭᠦᠷᠭᠡ ᠶᠢ ᠴᠢᠨᠠᠷ ᠰᠠᠶᠢᠲᠠᠶ ᠪᠡᠶᠡᠯᠡᠬᠦᠯᠦᠨ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠤᠨ ᠪᠠᠶᠢᠴᠠᠭᠠᠯᠲᠠ ᠶᠢ ᠤᠭᠲᠤᠬᠤ ᠠᠵᠢᠯ ᠢ ᠪᠥᠬᠦ ᠬᠦᠴᠦᠨ ᠢᠶᠠᠷ ᠰᠠᠶᠢᠨ ᠬᠢᠬᠦ ᠬᠡᠷᠡᠭᠲᠡᠶ ᠬᠡᠵᠦ ᠴᠢᠬᠤᠯᠠᠴᠢᠯᠠᠪᠠ᠃ ᠬᠤᠷᠠᠯ ᠲᠡᠭᠡᠷ᠎ᠡ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ‍ᠤᠨ‌ᠮᠡᠳᠡᠬᠦᠯᠦᠯᠳᠡ᠂ ᠦᠨᠳᠦᠰᠦᠲᠡᠨ ᠱᠠᠰᠢᠨ ᠰᠤᠷᠲᠠᠬᠤᠨ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂  ᠨᠢᠭᠡᠳᠦᠮᠡᠯ ᠹᠷᠣᠨᠲ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠠᠵᠢᠯ ᠤᠨ ᠮᠡᠳᠡᠭᠦᠯᠦᠯᠲᠡ ᠶᠢ ᠰᠣᠨᠣᠰᠪᠠ᠃ ᠬᠤᠷᠠᠯ ᠲᠡᠭᠡᠷ᠎ᠡ ᠪᠠᠰᠠ ᠪᠤᠰᠤᠳ ᠵᠦᠢᠯ ᠢ ᠶᠠᠷᠢᠯᠴᠠᠨ ᠰᠤᠳᠤᠯᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号