ᠤᠶᠢᠷ᠎ᠠ ᠶᠢᠨ ᠵᠢᠯ ᠳᠤ᠂ ᠲᠠᠶᠢᠹᠤᠰᠧ ᠬᠤᠰᠢᠭᠤ ᠨᠢ ︽ᠭᠤᠷᠪᠠ ᠶᠢ ᠴᠢᠩᠭᠠᠳᠬᠠᠬᠤ︾ ᠪᠠᠷ ᠭᠠᠷᠳᠠᠴᠠ ᠪᠤᠯᠭᠠᠨ᠂ | ᠱᠠᠱᠢᠨ ᠰᠤᠷᠲᠠᠬᠤᠨ ᠤ ᠡᠲᠡᠭᠡᠳ ᠤᠨ ᠪᠦᠬᠦ ᠲᠠᠯ᠎ᠠ ᠪᠠᠷ ᠱᠠᠰᠢᠨ ᠢᠶᠠᠨ ᠴᠢᠩᠭ᠎ᠠ ᠵᠠᠰᠠᠬᠤ ᠶᠢ ᠯᠠᠪᠳᠠᠭᠤᠨ ᠪᠠᠲᠤᠲᠠᠢ | ᠠᠬᠢᠭᠤᠯᠵᠤ᠂ ᠱᠠᠱᠢᠨ ᠰᠤᠷᠲᠠᠬᠤᠨ ᠤ ᠡᠲᠡᠭᠡᠳ ᠢ ᠵᠢᠯᠤᠭᠤᠳᠤᠨ ᠥᠪᠡᠷ ᠤᠨ ᠬᠦᠮᠦᠵᠢᠯ ᠬᠠᠮᠢᠶᠠᠷᠤᠯᠳᠠ ᠶᠢ | ᠴᠢᠩᠭᠠᠳᠬᠠᠵᠤ ᠢᠷᠡᠪᠡ ᠃ ᠨᠢᠭᠡ ᠳᠤ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠦᠵᠡᠯ ᠰᠠᠨᠠᠭᠠᠨ ᠤ | ᠬᠠᠮᠲᠤ ᠶᠢᠨ ᠲᠠᠨᠢᠯᠲᠠ ᠶᠢ ᠨᠢᠬᠳᠠᠷᠠᠭᠤᠯᠤᠭᠰᠠᠨ᠃ ᠱᠠᠰᠢᠨ ᠰᠤᠷᠲᠠᠬᠤᠨ ᠤ ᠡᠲᠡᠭᠡᠳ ᠢ ᠵᠣᠬᠢᠶᠠᠨ ᠪᠠᠶᠢᠭᠤᠯᠵᠤ ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠱᠠᠰᠢᠨ | ᠰᠤᠷᠲᠠᠬᠤᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠵᠡᠷᠭᠡ ᠴᠢᠬᠤᠯᠠ ᠠᠭᠤᠯᠭ᠎ᠠ ᠶᠢ ᠭᠦᠨᠵᠡᠭᠡᠢ ᠰᠤᠷᠤᠯᠴᠠᠨ᠂ | ᠱᠠᠰᠢᠨ ᠰᠤᠷᠲᠠᠬᠤᠨ ᠤ ᠡᠲᠡᠭᠡᠳ ᠤᠨ ︽ ᠲᠠᠪᠤᠨ ᠮᠡᠳᠡᠷᠡᠬᠦᠢ︾ ᠶᠢ ᠲᠠᠰᠤᠷᠠᠯᠲᠠ ᠦᠭᠡᠢ ᠴᠢᠩᠭᠠᠳᠬᠠᠬᠤ ᠶᠢᠨ | ᠬᠠᠮᠳᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠵᠢᠱᠢᠶ᠎ᠡ ᠦᠵᠡᠭᠦᠯᠬᠦ ᠴᠡᠭ ᠤᠨ | ᠠᠵᠢᠯ ᠢᠶᠠᠷ ᠵᠢᠯᠣᠭᠤᠳᠤᠮᠵᠢ ᠪᠤᠯᠭᠠᠨ᠂ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠳᠠᠭᠠᠨ ᠡᠬᠡ ᠤᠷᠤᠨᠴᠢ ᠦᠵᠡᠯ ᠢ | ᠤᠷᠤᠭᠤᠯᠵᠤ᠂ ᠱᠠᠰᠢᠨ ᠰᠤᠷᠲᠠᠬᠤᠨ ᠤ ᠡᠲᠡᠭᠡᠳ ᠤᠨ ᠤᠯᠤᠰ ᠢᠶᠠᠨ ᠬᠠᠶᠢᠷᠠᠯᠠᠬᠤ ᠦᠵᠡᠯᠤᠬᠠᠮᠰᠠᠷ ᠢ | ᠲᠡᠭᠡᠭᠰᠢᠯᠡᠬᠦᠯᠵᠡᠢ᠃ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠬᠦᠨᠵᠡᠬᠡᠶᠢᠷᠡᠬᠦᠯᠦᠨ᠂ ᠱᠠᠰᠢᠨ | ᠰᠤᠷᠲᠠᠬᠤᠨ ᠤ ᠡᠲᠡᠭᠡᠳ ᠲᠤ ᠬᠠᠤᠯᠢ ᠶᠢᠨ ᠮᠡᠳᠡᠯᠭᠡ ᠲᠦᠭᠡᠮᠡᠯᠵᠢᠭᠦᠯᠬᠦ ᠤᠬᠠᠭᠤᠯᠭ᠎ᠠ ᠲᠠᠶᠢᠯᠤᠮᠵᠢ ᠶᠢ ᠬᠠᠨᠳᠤᠯᠭᠠᠲᠤ | ᠴᠢᠨᠠᠷᠲᠠᠶ ᠪᠠᠷ ᠥᠷᠨᠢᠭᠦᠯᠵᠦ᠂ ᠱᠠᠰᠢᠨ ᠰᠤᠷᠲᠠᠬᠤᠨ ᠤ ᠡᠲᠡᠭᠡᠳ ᠤᠨ ᠬᠢᠨ ᠤ ᠰᠤᠷᠤᠯᠴᠠᠯᠭ᠎ᠠ ᠶᠢᠨ ᠪᠦᠷᠬᠦᠴᠡ ᠶᠢ | 100% ᠳᠤ ᠬᠦᠷᠭᠡᠭᠰᠡᠨ ᠪᠠᠶᠢᠨ᠎ᠠ᠃ ᠬᠤᠶᠠᠷ ᠲᠤ᠂ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠵᠤ᠂ | ᠥᠪᠡᠷ ᠢ ᠪᠠᠨ ᠬᠠᠮᠢᠶᠠᠷᠬᠤ ᠴᠢᠳᠠᠪᠤᠷᠢ ᠶᠢ ᠲᠡᠭᠡᠭᠰᠢᠯᠡᠬᠦᠯᠦᠭᠰᠡᠨ᠃ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ | ᠢ ᠵᠢᠯᠤᠭᠤᠳᠤᠨ᠂ ᠰᠤᠷᠤᠯᠴᠠᠯᠭ᠎ᠠ ᠪᠤᠯᠪᠠᠰᠤᠷᠠᠯ᠂ ᠠᠵᠢᠯᠲᠠᠨ ᠤ ᠬᠠᠮᠢᠶᠠᠷᠤᠯᠲᠠ᠂ ᠡᠳ᠋ ᠤᠨ ᠶᠠᠪᠤᠳᠠᠯ ᠤᠨ | ᠬᠠᠮᠢᠶᠠᠷᠤᠯᠲᠠ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠲᠤᠭᠳᠠᠭᠠᠯ ᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠲᠦᠷᠢᠮ ᠢᠶᠠᠷ ᠬᠥᠮᠦᠨ ᠢ ᠬᠠᠮᠢᠶᠠᠷᠴᠤ ᠬᠡᠷᠡᠭ ᠶᠠᠪᠤᠳᠠᠯ ᠢ ᠬᠠᠮᠢᠶᠠᠷᠬᠤ ᠰᠠᠶᠢᠨ | ᠰᠠᠶᠢᠬᠠᠨ ᠲᠣᠭᠲᠠᠴᠠ ᠶᠢ ᠪᠠᠶᠢᠭᠤᠯᠤᠭᠰᠠᠨ ᠤ ᠬᠠᠮᠳᠤ᠂ ᠱᠠᠰᠢᠨ ᠰᠤᠷᠲᠠᠬᠤᠨ ᠤ ᠡᠳᠡᠭᠡᠳ ᠤᠨ ᠬᠢᠨᠠᠯᠲᠠ | ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠲᠠᠩᠰᠠ ᠡᠪᠬᠡᠮᠡᠯ ᠮᠡᠳᠡᠭᠡ ᠵᠠᠩᠭᠢ ᠶᠢ ᠨᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠱᠠᠰᠢᠨ ᠤ ᠡᠩᠨᠡᠭᠡ ᠶᠢᠨ ᠬᠥᠳᠡᠯᠦᠯ ᠪᠠᠶᠢᠳᠠᠯ ᠢ ᠴᠠᠭ ᠲᠤᠬᠠᠶ ᠳᠤᠨᠢ ᠣᠨᠣᠪᠴᠢᠲᠠᠶ ᠡᠵᠡᠮᠰᠢᠪᠡ᠃ | ᠭᠤᠷᠪᠠ ᠳᠤ᠂ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠲᠤᠪᠤᠶᠢᠮ᠎ᠠ ᠠᠰᠠᠭᠤᠳᠠᠯ ᠢ ᠢᠳᠡᠪᠬᠢᠲᠡᠶ ᠪᠠᠷ | ᠰᠢᠢᠳᠪᠦᠷᠢᠯᠡᠭᠰᠡᠨ᠃ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠱᠠᠰᠢᠨ | ᠰᠤᠷᠲᠠᠬᠤᠨ ᠤ ᠡᠲᠡᠭᠡᠳ ᠢ ᠵᠢᠯᠣᠭᠤᠳᠤᠨ ᠱᠠᠰᠢᠨ ᠰᠤᠷᠳᠠᠬᠤᠨ ᠤ ᠡᠩᠨᠡᠭᠡᠨ ᠤ ᠰᠤᠷᠲᠠᠯ ᠢ ᠴᠡᠭᠴᠡᠯᠡᠬᠦ ᠠᠵᠢᠯᠯᠠᠭ᠎ᠠ | ᠥᠷᠨᠢᠭᠦᠯᠵᠦ᠂ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠨ᠂ ᠱᠠᠰᠢᠨ ᠰᠤᠷᠲᠠᠬᠤᠨ ᠤ ᠡᠳᠡᠭᠡᠳ ᠤᠨ ᠲᠤᠮᠳᠠ | ᠡᠭᠦᠰᠦᠭᠰᠡᠨ ᠮᠠᠭᠤ ᠬᠡᠯᠪᠡᠷᠢᠯ ᠪᠤᠶᠤ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠴᠡᠭᠴᠡᠯᠡᠨ ᠵᠠᠯᠠᠷᠠᠭᠤᠯᠵᠠᠢ᠃ | ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠢ ᠪᠠᠶᠢᠩᠭᠤ ᠰᠤᠷᠪᠤᠯᠵᠢᠯᠠᠵᠤ᠂ ᠱᠠᠰᠢᠨ ᠰᠤᠷᠲᠠᠬᠤᠨ ᠤ | ᠡᠲᠡᠭᠡᠳ ᠤᠨ ᠬᠢᠨ ᠤ ᠦᠵᠡᠯ ᠰᠠᠨᠠᠭᠠᠨ ᠤ ᠪᠠᠶᠢᠳᠠᠯ ᠢ ᠤᠶᠢᠯᠠᠭᠠᠨ᠂ ᠱᠠᠰᠢᠨ ᠰᠤᠷᠲᠠᠬᠤᠨ ᠤ ᠡᠲᠡᠭᠡᠳ ᠤᠨ | ᠥᠪᠡᠷ ᠢ ᠪᠠᠨ ᠬᠥᠮᠦᠵᠢᠭᠦᠯᠬᠦ᠂ ᠥᠪᠡᠷ ᠢ ᠪᠠᠨ ᠬᠠᠮᠢᠶᠠᠷᠬᠤ ᠶᠢ ᠲᠠᠰᠤᠷᠠᠯᠲᠠ ᠥᠬᠡᠶ ᠴᠢᠩᠭᠠᠳᠬᠠᠵᠤ᠂ ᠱᠠᠰᠢᠨ | ᠰᠤᠷᠲᠠᠬᠤᠨ ᠤ ᠡᠲᠡᠭᠡᠳ ᠤᠨ ᠰᠠᠶᠢᠨ ᠰᠠᠶᠢᠬᠠᠨ ᠳᠦᠷᠢ ᠲᠥᠷᠬᠦ ᠶᠢ ᠬᠠᠮᠠᠭᠠᠯᠠᠭᠰᠠᠨ ᠪᠠᠶᠢᠨ᠎ᠠ᠃ |