ᠲᠠᠶᠢᠹᠤᠰᠧ ᠬᠤᠰᠢᠭᠤᠨ ᠤ ᠬᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠤᠬᠠᠭᠤᠯᠭ᠎ᠠ  ᠬᠢᠭᠰᠡᠨ
ᠨᠡᠶᠢᠲᠡᠯᠡᠭᠰᠡᠨ ᠴᠠᠭ᠄
2024/12/24
  12 ᠰᠠᠷ᠎ᠠ ᠶᠢᠨ 24 ᠤ ᠡᠳᠦᠷ᠂ ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠨᠢ ︽ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ ᠪᠥᠬᠦ ᠠᠷᠠᠳ ᠢᠶᠠᠷ ᠢᠶᠠᠨ ᠬᠢᠨᠠᠯᠳᠠ ᠲᠠᠯᠪᠢᠵᠤ᠂ ᠪᠥᠬᠦ ᠬᠤᠰᠢᠭᠤᠨ ᠤ ᠬᠠᠤᠯᠢ ᠪᠠᠷ ᠵᠠᠰᠠᠬᠤ ᠰᠠᠶᠢᠨ ᠰᠠᠶᠢᠬᠠᠨ ᠵᠢᠷᠤᠭ ᠲᠥᠯᠥᠪᠯᠡᠭᠡ ᠶᠢ ᠬᠠᠮᠲᠤ ᠪᠠᠷ ᠵᠢᠷᠤᠭᠯᠠᠶ᠎ᠠ︾  ᠬᠡᠮᠡᠬᠦ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠳᠠᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂  ᠠᠬᠤᠢ ᠲᠠᠯᠠᠪᠠᠶ ᠳᠤ ᠤᠬᠠᠭᠤᠯᠤᠨ ᠲᠠᠶᠢᠯᠪᠤᠷᠢᠯᠠᠬᠤ ᠬᠡᠯᠪᠡᠷᠢ ᠪᠠᠷ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠷᠭ᠎ᠠ ᠵᠠᠮ ᠪᠠ ᠢᠯᠡᠴᠢᠯᠡᠨ ᠮᠡᠳᠡᠬᠦᠯᠬᠦ ᠠᠷᠭ᠎ᠠ ᠮᠠᠶ᠋ᠢᠭ ᠵᠡᠷᠭᠡ   ᠶᠢ ᠣᠯᠠᠨ ᠲᠦᠮᠡᠨ ᠳᠤ ᠤᠬᠠᠭᠤᠯᠵᠤ᠂  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠤᠬᠠᠶ ᠨᠡᠶᠢᠭᠡᠮ ᠤᠨ ᠡᠯ᠎ᠡ ᠡᠲᠡᠭᠡᠳ ᠤᠨ  ᠣᠶᠢᠯᠠᠭᠠᠯᠲᠠ ᠪᠠ ᠳᠡᠮᠵᠢᠯᠭᠡ ᠶᠢ ᠨᠡᠮᠡᠭᠳᠡᠬᠦᠯᠦᠨ᠂ ᠣᠯᠠᠨ ᠲᠦᠮᠡᠨ ᠤ ᠬᠢᠨᠠᠯᠲᠠ ᠲᠠᠯᠪᠢᠬᠤ ᠦᠢᠯᠡᠳᠦᠯ ᠢᠶᠠᠨ ᠢᠳᠡᠪᠬᠢᠲᠡᠶ ᠪᠠᠳᠠᠷᠠᠭᠤᠯᠬᠤ ᠶᠢ ᠵᠣᠷᠢᠭᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠴᠡ ᠤᠳ ᠤᠨ ᠲᠦᠷᠢᠮᠵᠢᠬᠦᠨ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠵᠠᠢ᠃ ᠲᠠᠷᠠᠭᠠᠴᠢ ᠪᠠᠷ᠂ ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ   ᠨᠢ ᠬᠢᠨᠠᠯᠲᠠ ᠲᠠᠯᠪᠢᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠢᠨᠠᠯᠲᠠ ᠲᠠᠯᠪᠢᠬᠤ ᠠᠷᠭ᠎ᠠ ᠬᠡᠯᠪᠡᠷᠢ ᠶᠢᠨ ᠰᠢᠨ᠎ᠡ ᠶᠢ ᠡᠬᠦᠳᠦᠨ᠂ ᠬᠠᠷᠢᠭᠤ ᠰᠤᠷᠪᠤᠯᠵᠢᠯᠠᠬᠤ ᠪᠠᠶᠢᠩᠭᠤᠵᠢᠭᠰᠠᠨ ᠲᠣᠭᠲᠠᠴᠠ ᠶᠢ ᠪᠠᠶᠢᠭᠤᠯᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠤᠶᠢᠯᠠᠭᠠᠨ᠂ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠠᠵᠢᠯ ᠤᠨ ᠲᠦᠷᠢᠮᠵᠢᠭᠰᠡᠨ ᠬᠢᠷᠢ ᠲᠦᠪᠰᠢᠨ ᠢ ᠳᠡᠭᠡᠭᠰᠢᠯᠡᠭᠦᠯᠵᠦ᠂  ᠬᠠᠤᠯᠢ ᠪᠠᠷ ᠵᠠᠰᠠᠭᠰᠠᠨ ᠨᠡᠶᠢᠭᠡᠮ ᠤᠨ ᠪᠠᠶᠢᠭᠤᠯᠤᠯᠲᠠ ᠳᠤ ᠬᠦᠴᠦᠳᠡᠢ ᠪᠠᠳᠤᠯᠠᠭ᠎ᠠ ᠬᠠᠩᠭᠠᠬᠤ  ᠪᠠᠷ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号