ᠠᠷᠠᠳ ᠤᠨ ᠠᠮᠢᠳᠤᠷᠠᠯ ᠴᠢᠨᠡᠭᠡᠯᠢᠭ᠂ ᠣᠶᠤᠨ ᠤ ᠪᠣᠯᠪᠠᠰᠤᠨ ᠮᠡᠳᠡᠭᠳᠡᠮ᠎ᠡ᠂ ᠲᠣᠰᠬᠤᠨ ᠤ ᠪᠠᠶᠢᠳᠠᠯ ᠭᠤᠶᠤ ᠁ | ᠴᠢᠶᠠᠨ ᠶᠢᠨ ᠭᠸᠦ ᠪᠠᠯᠭᠠᠰᠤᠨ ᠤ ᠳ᠋ᠠ ᠭᠧ ᠳ᠋ᠦᠩ ᠲᠣᠰᠬᠤᠨ ᠳᠤ ᠬᠦᠷᠬᠦ ᠳᠤ᠂ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠤ ᠵᠢᠷᠤᠭ ᠨᠢᠳᠦᠨ ᠡᠮᠦᠨ᠎ᠡ ᠶᠠᠭᠠᠬᠢᠬᠤ ᠶᠢᠨ ᠠᠷᠭ᠎ᠠ ᠦᠬᠡᠢ ᠲᠡᠯᠭᠡᠭᠳᠡᠨ᠎ᠡ᠃ ᠡᠨᠡ ᠨᠢ | ᠴᠢᠶᠠᠨ ᠶᠢᠨ ᠭᠸᠦ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠳ᠋ᠠ ᠭᠧ ᠳ᠋ᠦᠩ ᠲᠣᠰᠬᠤᠨ ᠤ ᠨᠠᠮ ᠤᠨ | ᠡᠭᠦᠷ ᠤᠨ ᠱᠦᠵᠢ᠂ ᠠᠷᠠᠳ ᠤᠨ ᠵᠥᠪᠯᠡᠯ ᠤᠨ ᠡᠷᠬᠢᠯᠡᠭᠴᠢ ᠯᠢ ᠵᠢᠶᠦ᠋ᠨ ᠤ ᠰᠢᠷᠭᠠᠭᠤ ᠴᠢᠷᠮᠠᠶᠢᠯᠭ᠎ᠠ ᠯᠤᠭ᠎ᠠ ᠨᠢᠭᠲᠠ | ᠬᠤᠯᠪᠣᠭ᠎ᠠ ᠲᠠᠢ ᠶᠤᠮ᠃ | ᠠᠷᠪᠠᠭᠠᠳ ᠵᠢᠯ ᠤᠨ ᠲᠤᠷᠰᠢ᠂ ᠯᠢ ᠵᠢᠶᠦ᠋ᠨ ᠪᠠᠭ᠎ᠠ ᠪᠤᠰᠤ ᠬᠦᠴᠦ ᠬᠦᠳᠡᠯᠮᠦᠷᠢ ᠤᠷᠤᠭᠤᠯᠵᠤ ᠡᠨᠡ ᠬᠡᠮᠵᠢᠶᠡᠨ ᠤ | ᠦᠷ᠎ᠡ ᠠᠮᠵᠢᠯᠳᠠ ᠳᠤ ᠬᠦᠷᠦᠭᠰᠡᠨ ᠪᠠᠶᠢᠵᠠᠢ᠃ ᠬᠤᠰᠢᠭᠤ ᠱᠠᠲᠤᠨ ᠤ ᠠᠷᠠᠳ ᠤᠨ ᠲᠥᠯᠥᠭᠡᠯᠡᠭᠴᠢ ᠪᠣᠯᠤᠭᠰᠠᠨ ᠤ | ᠬᠤᠪᠢ ᠳᠤ ᠯᠢ ᠵᠢᠶᠦ᠋ᠨ ︽ᠠᠷᠠᠳ ᠤᠨ ᠲᠥᠯᠥᠭᠡᠯᠡᠭᠴᠢ ᠨᠢ ᠠᠷᠠᠳ ᠲᠦᠮᠡᠨ ᠤ ᠠᠰᠢᠭ ᠲᠤᠰᠠ ᠶᠢ ᠲᠦᠯᠦᠭᠡᠯᠡᠨ᠎ᠡ︾ | ᠭᠡᠳᠡᠭ ᠤᠴᠢᠷ ᠶᠤᠰᠤ ᠶᠢ ᠪᠠᠲᠤ ᠴᠡᠬᠡᠵᠢᠯᠡᠵᠦ ᠢᠮᠠᠭᠳᠠ ᠦᠢᠯᠡᠳᠦᠯᠬᠡᠵᠢᠬᠦᠯᠦᠭᠰᠡᠭᠡᠷ ᠢᠷᠡᠵᠡᠶ᠃ ᠡᠳᠡᠭᠡᠷ ᠵᠢᠯ | ᠤᠳ ᠲᠤ ᠲᠡᠷᠡᠪᠡᠷ ᠨᠠᠮ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠰᠤᠷᠤᠯᠴᠠᠵᠤ᠂ ᠬᠠᠤᠯᠢ ᠲᠦᠷᠢᠮ ᠪᠣᠯᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠬᠠᠶᠢᠯᠠᠭᠰᠠᠨ ᠠᠵᠢᠯ ᠤᠨ ᠮᠡᠳᠡᠯᠭᠡ ᠶᠢ ᠰᠤᠷᠤᠯᠴᠠᠵᠤ᠂ | ᠤᠨᠤᠯ ᠤᠨ ᠮᠡᠳᠡᠯᠭᠡ ᠶᠢ ᠦᠢᠯᠡᠳᠦᠯᠭᠡ ᠲᠡᠭᠡᠷ᠎ᠡ ᠭᠡᠷᠡᠭᠯᠡᠬᠦ ᠶᠢ ᠪᠠᠷᠢᠮᠳᠠᠯᠠᠨ᠂ ᠡᠬᠦᠷᠭᠡ ᠬᠠᠷᠢᠭᠤᠴᠠᠯᠭ᠎ᠠ ᠬᠦᠢᠴᠡᠳᠭᠡᠬᠦ | ᠬᠢᠷᠢ ᠴᠢᠳᠠᠪᠤᠷᠢ ᠪᠠᠨ ᠲᠠᠰᠤᠷᠠᠯᠳᠠ ᠦᠭᠡᠢ ᠲᠡᠭᠡᠭᠰᠢᠯᠡᠬᠦᠯᠦᠭᠰᠡᠨ ᠪᠠᠶᠢᠨ᠎ᠠ᠃ | ᠤᠶᠢᠷ᠎ᠠ ᠶᠢᠨ ᠵᠢᠯ ᠳᠤ᠂ ᠯᠢ ᠵᠢᠶᠦ᠋ᠨ ᠲᠣᠰᠬᠤᠨ ᠤ ︽ᠬᠤᠶᠠᠷ ᠵᠥᠪᠯᠡᠯ︾ ᠢᠶᠠᠨ ᠳᠠᠭᠠᠭᠤᠯᠤᠨ᠂ ᠠᠶᠢᠮᠠᠭ ᠤᠨ | ᠲᠡᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠪᠤᠯᠤᠭᠰᠠᠨ | ᠳᠠᠪᠠᠭᠤᠯᠢᠭ ᠲᠠᠭᠠᠨ ᠰᠠᠭᠤᠷᠢᠯᠠᠵᠤ ︽ᠲᠣᠰᠬᠤᠨ ᠢᠶᠠᠨ ᠬᠦᠴᠦᠷᠭᠡᠭᠵᠢᠬᠦᠯᠵᠦ ᠠᠷᠠᠳ ᠢᠶᠠᠨ ᠪᠠᠶᠠᠵᠢᠭᠤᠯᠬᠤ︾ | ᠬᠠᠷᠠᠯᠲᠠ ᠶᠢᠨ ᠲᠣᠭᠤᠷᠢᠨ ᠳᠤ ᠂ ᠡᠯ᠎ᠡ ᠲᠦᠷᠦᠯ ᠤᠨ ᠪᠡᠯᠡ ᠮᠦᠩᠬᠦ ᠶᠢ 2531 ᠲᠦᠮᠡᠨ ᠲᠥᠭᠦᠷᠢᠭ | ᠡᠷᠡᠮᠡᠯᠵᠡᠯᠡᠨ ᠤᠯᠵᠤ᠂ ᠢᠳᠡᠰᠢᠨ ᠨᠤᠭᠤᠭᠠᠨ ᠬᠦᠯᠡᠮᠵᠢ ᠪᠣᠯᠤᠨ ᠲᠥᠮᠥᠰᠥ ᠬᠠᠳᠠᠭᠠᠯᠠᠬᠤ ᠬᠥᠮᠥᠷᠭᠡ ᠶᠢ | ᠦᠬᠡᠷᠡᠴᠢᠯᠡᠨ ᠰᠠᠶᠢᠵᠢᠷᠠᠭᠤᠯᠬᠤ ᠵᠡᠷᠭᠡ ᠲᠦᠷᠦᠯ ᠵᠦᠢᠯ ᠢ ᠭᠡᠷᠡᠭᠵᠢᠬᠦᠯᠦᠭᠡᠳ᠂ ᠲᠣᠰᠬᠤᠨ ᠤ ᠠᠷᠠᠳ ᠢᠶᠠᠨ | ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠠᠢ᠃ ᠢᠩᠬᠢᠭᠰᠡᠨ ᠢᠶᠠᠷ᠂ 2023 ᠣᠨ ᠳᠤ ᠲᠤᠰᠬᠤᠨ | ᠤ ᠬᠠᠮᠲᠤ ᠶᠢᠨ ᠠᠵᠤ ᠠᠬᠤᠢ ᠶᠢᠨ ᠣᠷᠣᠯᠭ᠎ᠠ 98.6 ᠲᠦᠮᠡᠨ ᠲᠥᠭᠦᠷᠢᠭ ᠲᠤ ᠬᠦᠷᠴᠦ᠂ ᠬᠥᠮᠦᠨ | ᠳᠤᠮᠳᠠᠴᠢ ᠶᠢᠨ ᠵᠢᠯ ᠤᠨ ᠴᠡᠪᠡᠷ ᠣᠷᠣᠯᠭ᠎ᠠ 1.7 ᠲᠦᠮᠡᠨ ᠲᠥᠭᠦᠷᠢᠭ ᠲᠤ ᠬᠦᠷᠦᠭᠰᠡᠨ ᠪᠠᠶᠢᠨ᠎ᠠ᠃ | ᠬᠠᠮᠳᠤ ᠶᠢᠨ ᠤᠷᠤᠯᠭ᠎ᠠ ᠨᠡᠮᠡᠭᠳᠡᠵᠦ᠂ ᠠᠷᠠᠳ ᠤᠨ ᠡᠪᠦᠷ ᠲᠦᠩᠳᠦᠶᠢᠭᠰᠡᠨ ᠢᠶᠠᠷ ᠯᠢ ᠵᠢᠶᠦ᠋ᠨ ᠤ ᠢᠲᠡᠭᠡᠯ | ᠵᠣᠷᠢᠭ ᠴᠦ ᠤᠯᠠᠮ ᠲᠡᠬᠦᠯᠳᠡᠷ ᠪᠤᠯᠪᠠ᠃ ᠲᠡᠷᠡᠪᠡᠷ ︽ᠨᠢᠭᠡ ᠭᠡᠷ᠎ᠡ ᠲᠠᠪᠤᠨ ᠬᠤᠷᠠᠯ ᠨᠢᠭᠡ ᠥᠷᠲᠡᠭᠡ︾ ᠪᠠᠷ | ᠦᠨᠳᠦᠰᠦᠨ ᠪᠦᠲᠦᠴᠡ ᠪᠣᠯᠭᠠᠭᠰᠠᠨ ︽ ᠭᠤᠷᠪᠠᠨ ᠵᠠᠰᠠᠯᠳᠠ︾ ᠶᠢᠨ ᠰᠢᠰᠲ᠋ᠧᠮ ᠢ ᠭᠡᠷᠡᠭᠵᠢᠬᠦᠯᠵᠦ᠂ ᠨᠠᠮ ᠤᠨ | ᠭᠡᠰᠢᠭᠦᠨ ᠣᠯᠠᠨ ᠲᠦᠮᠡᠨ ᠤ ᠬᠥᠳᠡᠭᠡ ᠲᠣᠰᠬᠤᠨ ᠤ ᠵᠠᠰᠠᠯᠲᠠ ᠳᠤ ᠣᠷᠣᠯᠴᠠᠬᠤ ᠢᠳᠡᠪᠬᠢᠵᠢᠯ ᠢ ᠲᠠᠶᠢᠴᠢᠯᠠᠭᠰᠠᠨ | ᠪᠦᠭᠡᠳ ᠲᠣᠰᠬᠤᠨ ᠤ ᠲᠦᠷᠢᠮ ᠠᠷᠠᠳ ᠤᠨ ᠭᠡᠷ᠎ᠡ᠂ ᠤᠯᠠᠭᠠᠨ ᠴᠠᠭᠠᠨ ᠤ ᠶᠠᠪᠤᠳᠠᠯ ᠤᠨ ᠬᠡᠷᠡᠭ ᠡᠷᠬᠢᠯᠡᠬᠦ ᠵᠦᠪᠯᠡᠯ᠂ | ᠶᠣᠰᠣ ᠰᠤᠷᠲᠠᠬᠤᠨ ᠤ ᠦᠨᠡᠯᠡᠨ ᠶᠠᠷᠢᠯᠴᠠᠬᠤ ᠵᠦᠪᠯᠡᠯ ᠂ ᠠᠷᠠᠳ ᠢᠷᠭᠡᠳ ᠤᠨ ᠭᠡᠷᠡᠭ ᠵᠦᠪᠳᠡᠬᠦ ᠵᠥᠪᠯᠡᠯ᠂ | ᠮᠦᠷᠦᠢ ᠲᠠᠢ ᠲᠤᠭᠯᠠᠭᠠᠮ ᠪᠠ ᠬᠤᠤᠷᠲᠤ ᠡᠳ᠋ ᠢ ᠴᠠᠭᠠᠵᠠᠯᠠᠬᠤ ᠵᠦᠪᠯᠡᠯ᠂ ᠡᠶᠡᠳᠡᠭᠦᠯᠬᠦ ᠵᠥᠪᠯᠡᠯ ᠵᠡᠷᠭᠡ ᠶᠢ | ᠪᠠᠶᠢᠭᠤᠯᠵᠤ᠂ ᠲᠣᠰᠬᠤᠨ ᠤ ᠳᠣᠲᠣᠭᠠᠳᠤ ᠶᠢᠨ ᠠᠷᠠᠳᠴᠢᠯᠠᠯ ᠢᠶᠠᠷ ᠥᠪᠡᠷᠲᠡᠭᠡᠨ ᠵᠠᠰᠠᠬᠤ ᠬᠢᠷᠢ ᠲᠦᠪᠰᠢᠨ ᠢ | ᠪᠦᠲᠦᠮᠵᠢᠲᠡᠶ ᠲᠡᠭᠡᠭᠰᠢᠯᠡᠬᠦᠯᠵᠡᠢ᠃ ᠲᠣᠰᠬᠤᠨ ᠳᠠᠭᠠᠨ ︽ᠠᠷᠠᠳ ᠤᠨ ᠲᠦᠯᠦᠭᠡᠯᠡᠭᠴᠢ ᠶᠢᠨ ᠬᠠᠷᠢᠯᠴᠠᠬᠤ ᠦᠷᠳᠡᠭᠡ︾ | ᠪᠠᠶᠢᠭᠤᠯᠵᠤ᠂ ᠥᠪᠡᠷ ᠤᠨ ᠢᠶᠠᠨ ᠵᠢᠷᠤᠭ ᠰᠡᠬᠦᠳᠡᠷ᠂ ᠣᠪᠣᠭ ᠨᠡᠷ᠎ᠡ᠂ ᠬᠠᠷᠢᠯᠴᠠᠬᠤ ᠤᠲᠠᠰᠤ᠂ ᠬᠤᠶᠠᠷ ᠬᠡᠮᠵᠢᠯᠳᠦ | ᠺᠣᠳ᠋ ᠢ ᠨᠡᠶᠢᠳᠡᠯᠡᠨ᠂ ᠠᠷᠠᠳ ᠤᠯᠠᠨ ᠤ ᠳᠤᠷᠠᠳᠤᠭᠰᠠᠨ ᠰᠠᠨᠠᠯ ᠰᠠᠨᠠᠭᠤᠯᠭ᠎ᠠ ᠶᠢ ᠡᠮᠬᠢᠳᠭᠡᠨ ᠬᠤᠷᠢᠶᠠᠩᠭᠤᠶᠢᠯᠠᠵᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠰᠬᠠᠬᠤ ᠶᠢᠨ ᠬᠠᠮᠲᠤ ᠮᠥᠷᠳᠡᠨ ᠰᠢᠢᠳᠪᠦᠷᠢᠯᠡᠬᠦᠯᠵᠦ᠂ ᠶᠠᠪᠤᠳᠠᠯ | ᠪᠦᠬᠦᠨ ᠳᠤ ᠬᠠᠷᠢᠭᠤᠯᠲᠠ ᠥᠭᠬᠦ ᠶᠢ ᠪᠠᠳᠤᠯᠠᠨ᠂ ᠠᠷᠠᠳ ᠤᠨ ᠲᠥᠯᠥᠭᠡᠯᠡᠭᠴᠢ ᠪᠣᠯᠤᠨ ᠠᠷᠠᠳ ᠤᠯᠠᠨ ᠤ | ᠬᠤᠭᠤᠷᠣᠨᠳᠣᠬᠢ ︽ᠰᠡᠳᠬᠢᠯ ᠤᠨ ᠬᠥᠭᠦᠷᠭᠡ︾ ᠶᠢ ᠴᠤᠭᠴᠠᠯᠠᠭᠰᠠᠨ ᠪᠠᠶᠢᠨ᠎ᠠ᠃ | ᠯᠢ ᠵᠢᠶᠦ᠋ᠨ ᠠᠷᠠᠳ ᠢᠷᠭᠡᠳ ᠤᠨ ᠬᠤᠭᠤᠷᠤᠨᠳᠤᠬᠢ ᠵᠥᠷᠢᠴᠡᠯ ᠵᠢᠭᠤᠷᠠᠭᠠᠨ ᠢ ᠡᠶᠡᠳᠡᠭᠦᠯᠬᠦ ᠠᠵᠢᠯ ᠢ ᠮᠠᠰᠢ | ᠴᠢᠬᠤᠯᠠᠴᠢᠯᠠᠨ ︽ᠣᠯᠠᠨ ᠲᠦᠮᠡᠨ ᠳᠤ ᠦᠨᠡᠨ ᠰᠡᠳᠬᠢᠯ ᠠᠴᠠ ᠪᠠᠨ ᠬᠠᠨᠳᠤᠵᠤ᠂ ᠵᠥᠪ ᠪᠤᠷᠤᠭᠤ ᠶᠢ ᠲᠥᠪ | ᠭᠤᠤᠯᠴᠢ ᠪᠠᠷ ᠲᠠᠰᠤᠯᠤᠨ᠂ ᠬᠦᠴᠢᠷ ᠠᠰᠠᠭᠤᠳᠠᠯ ᠢ ᠡᠷᠡᠰ ᠲᠠᠰᠤᠷᠬᠠᠢ ᠰᠢᠢᠳᠪᠦᠷᠢᠯᠡᠬᠦ︾ ᠡᠶᠡᠳᠡᠬᠦᠯᠬᠡ ᠶᠢᠨ | ᠣᠶᠢᠯᠠᠭᠠᠭᠳᠠᠬᠤᠨ ᠢ ᠪᠠᠷᠢᠮᠲᠠᠯᠠᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠦᠯᠢᠶᠡᠨ᠂ ᠠᠷᠠᠳ ᠢᠷᠭᠡᠳ | ᠤᠨ ᠵᠦᠷᠢᠴᠡᠯ ᠵᠢᠭᠤᠷᠠᠭᠠᠨ ᠢ ᠨᠠᠮᠳᠠᠭᠤᠯᠵᠤ᠂ ᠠᠭᠠᠵᠢᠮ ᠳᠠᠭᠠᠨ ᠬᠠᠤᠯᠢ ᠲᠦᠷᠢᠮ ᠳᠤ ᠴᠠᠭᠠᠷᠠᠭᠰᠠᠨ ᠰᠠᠶᠢᠨ | ᠡᠶᠡᠳᠡᠭᠦᠯᠦᠭᠴᠢ ᠪᠤᠯᠤᠭᠰᠠᠨ ᠪᠠᠶᠢᠯ᠎ᠠ᠃ ᠬᠡᠳᠦᠨ ᠵᠢᠯ ᠤᠨ ᠲᠤᠷᠰᠢ᠂ ᠯᠢ ᠵᠢᠶᠦ᠋ᠨ ᠬᠡᠷ ᠪᠦᠯᠢ᠂ ᠠᠶᠢᠯ ᠰᠠᠭᠠᠬᠠᠯᠳᠠ᠂ | ᠣᠷᠤᠭ ᠤᠨ ᠶᠠᠪᠤᠳᠠᠯ᠂ ᠣᠷᠣᠨ ᠰᠠᠭᠤᠴᠠ ᠶᠢᠨ ᠭᠠᠵᠠᠷ᠂ ᠤᠢ ᠮᠤᠳᠤ ᠵᠡᠷᠭᠡ ᠳᠤ ᠬᠤᠯᠪᠤᠭᠳᠠᠭᠰᠠᠨ 20 ᠰᠢᠬᠠᠮ | ᠤᠳᠠᠭᠠᠨ ᠤ ᠵᠦᠷᠢᠴᠡᠯ ᠵᠢᠭᠤᠷᠠᠭᠠᠨ ᠢ ᠲᠤᠬᠢᠳᠠᠢ ᠰᠠᠶᠢᠬᠠᠨ ᠡᠶᠡᠳᠡᠬᠦᠯᠦᠨ ᠰᠢᠢᠳᠪᠦᠷᠢᠯᠡᠵᠦ᠂ ᠵᠥᠷᠢᠴᠡᠯ | ᠰᠢᠷᠦᠭᠦᠰᠴᠦ ᠳᠡᠰ ᠲᠡᠪᠰᠢᠬᠦ ᠪᠤᠶᠤ ᠢᠷᠭᠡᠨ ᠤ ᠬᠡᠷᠡᠭ ᠠᠴᠠ ᠪᠠᠨ ᠡᠷᠡᠬᠦᠦ ᠶᠢᠨ ᠭᠡᠷᠡᠭ ᠪᠤᠯᠬᠤ ᠶᠢ ᠪᠦᠳᠦᠮᠵᠢᠳᠡᠢ | ᠰᠡᠷᠭᠡᠶᠢᠯᠡᠨ ᠬᠤᠷᠢᠭᠯᠠᠭᠠᠳ᠂ ᠦᠨᠳᠦᠰᠦᠨ ᠱᠠᠲᠤᠨ ᠤ ᠡᠶᠡᠳᠡᠬᠦᠯᠬᠡ ᠶᠢᠨ ᠠᠵᠢᠯ ᠳᠤ ᠠᠷᠠᠳ ᠤᠨ | ᠲᠥᠯᠥᠭᠡᠯᠡᠭᠴᠢ ᠶᠢᠨ ᠬᠦᠴᠦᠨ ᠴᠢᠳᠠᠯ ᠢᠶᠠᠨ ᠡᠷᠭᠦᠵᠦ᠂ ᠶᠡᠭᠡ ᠪᠠᠭ᠎ᠠ ᠵᠥᠷᠢᠴᠡᠯ ᠢ ᠲᠣᠰᠬᠤᠨ ᠠᠴᠠ ᠭᠠᠷᠭᠠᠬᠤ | ᠦᠭᠡᠢ ᠪᠠᠶᠢᠬᠤ ᠶᠢ ᠪᠡᠶᠡᠯᠡᠬᠦᠯᠪᠡ᠃ | ᠳ᠋ᠠ ᠭᠧ ᠳ᠋ᠦᠩ ᠲᠣᠰᠬᠤᠨ ᠤ ᠲᠠᠷᠢᠶᠠᠴᠢᠨ ᠸᠠᠩ ᡁᠢ ᠬᠤᠸᠠ᠄ ︽ᠯᠢ ᠱᠦᠵᠢ ᠲᠤᠰᠢᠶᠠᠯ ᠳᠤ | ᠭᠠᠷᠤᠭᠰᠠᠨ ᠠᠴᠠ ᠨᠠᠰᠢ ᠮᠠᠨ ᠤ ᠲᠣᠰᠬᠤᠨ ᠤ ᠬᠤᠪᠢᠷᠠᠯᠲᠠ ᠮᠠᠰᠢ ᠶᠡᠭᠡ᠂ ᠲᠠᠷᠢᠶᠠᠴᠢᠳ ᠤᠨ ᠦᠵᠡᠯ ᠤᠬᠠᠮᠰᠠᠷ | ᠪᠣᠯᠤᠨ ᠬᠡᠪ ᠴᠢᠨᠠᠷ ᠪᠦᠷ ᠲᠡᠭᠡᠭᠰᠢᠯᠡᠵᠡᠢ᠂ ᠲᠣᠰᠬᠤᠨ ᠤ ᠠᠷᠠᠳ ᠬᠤᠭᠤᠷᠤ ᠬᠤᠭᠤᠷᠤᠨᠳᠤ ᠪᠠᠨ ᠪᠦᠯᠬᠦᠮᠳᠡᠨ | ᠨᠢᠬᠳᠠᠷᠠᠵᠤ ᠬᠠᠷᠢᠯᠴᠠᠨ ᠬᠠᠪᠰᠤᠷᠤᠯᠴᠠᠬᠤ ᠪᠤᠯᠤᠭᠰᠠᠨ᠂ ᠶᠠᠮᠠᠷ ᠬᠦᠴᠢᠷᠳᠡᠯ ᠲᠠᠢ ᠪᠣᠯ ᠯᠢ ᠱᠦᠵᠢ ᠪᠠᠨ ᠡᠷᠢᠨ᠎ᠡ | ᠰᠢᠦ᠂ ᠯᠢ ᠱᠦᠵᠢ ᠴᠤ ᠴᠢᠳᠠᠯ ᠤᠨ ᠬᠢᠷᠢ ᠪᠠᠷ ᠠᠰᠠᠭᠤᠳᠠᠯ ᠢ ᠰᠢᠢᠳᠪᠦᠷᠢᠯᠡᠵᠦ᠂ ᠲᠤᠩ ᠰᠢᠢᠳᠪᠦᠷᠢᠯᠡᠵᠦ ᠳᠡᠶᠢᠯᠬᠦ | ᠦᠭᠡᠢ ᠪᠣᠯ ᠲᠡᠭᠡᠳᠦ ᠱᠠᠳᠤᠨ ᠳᠤ ᠡᠷᠡᠮᠡᠯᠵᠡᠯᠡᠨ ᠰᠢᠢᠳᠪᠦᠷᠢᠯᠡᠵᠦ ᠦᠭᠳᠡᠭ᠂ ᠮᠠᠨ ᠤ ᠲᠣᠰᠬᠤᠨ ᠤ ᠬᠢᠨ ᠰᠠᠶᠢᠨ | ᠳᠠᠭᠠᠭᠤᠯᠤᠭᠴᠢ ᠶᠢ ᠰᠤᠩᠭᠤᠵᠠᠢ᠂ ᠠᠷᠠᠳ ᠲᠦᠮᠡᠨ ᠳᠤ ᠦᠨᠡᠨᠬᠦ ᠦᠢᠯᠡᠴᠢᠯᠡᠵᠦ ᠪᠠᠶᠢᠨ᠎ᠠ︾᠃ | ᠬᠡᠳᠦᠨ ᠵᠢᠯ ᠤᠨ ᠴᠢᠷᠮᠠᠶᠢᠯᠭ᠎ᠠ ᠪᠠᠷ ᠲᠠᠮᠵᠢᠭᠠᠳ᠂ ᠤᠳᠤ ᠶᠢᠨ ᠳ᠋ᠠ ᠭᠧ ᠳ᠋ᠦᠩ ᠲᠣᠰᠬᠤᠨ ᠨᠢ ︽ᠠᠵᠤ | ᠦᠢᠯᠡᠰ ᠬᠦᠭᠵᠢᠭᠰᠡᠨ ᠂ ᠠᠮᠢ ᠠᠬᠤᠢ ᠰᠠᠶᠢᠵᠢᠷᠠᠭᠰᠠᠨ᠂ ᠨᠤᠲᠤᠭ ᠤᠨ ᠰᠤᠷᠲᠠᠯ ᠪᠣᠯᠪᠠᠰᠤᠨ᠂ ᠵᠠᠰᠠᠯᠲᠠ | ᠪᠦᠲᠦᠮᠵᠢᠲᠡᠢ᠂ ᠠᠮᠢᠳᠤᠷᠠᠯ ᠴᠢᠨᠡᠭᠡᠯᠢᠭ︾ ᠬᠠᠷᠠᠯᠲᠠ ᠲᠡᠰᠢ ᠤᠷᠤᠭᠰᠢᠯᠠᠵᠤ᠂ ᠡᠯ᠎ᠡ ᠲᠦᠷᠦᠯ ᠤᠨ ᠠᠵᠢᠯ ᠦᠢᠯᠡᠰ | ᠨᠢ ᠡᠳᠦᠷ ᠢᠷᠡᠬᠦᠶ᠎ᠡ ᠬᠦᠭᠵᠢᠨ ᠲᠠᠪᠰᠢᠭᠠᠳ᠂ ᠤᠷᠢᠳ ᠬᠤᠵᠢᠳ ᠪᠦᠬᠦ ᠤᠯᠤᠰ ᠤᠨ ︽ᠪᠣᠯᠪᠠᠰᠤᠨ ᠲᠣᠰᠬᠤᠨ | ᠪᠠᠯᠭᠠᠰᠤ︾ ᠂ ᠪᠦᠬᠦ ᠤᠯᠤᠰ ᠤᠨ ︽ᠠᠷᠠᠳᠴᠢᠯᠠᠯ ᠬᠠᠤᠯᠢᠵᠢᠯ ᠤᠨ ᠵᠢᠱᠢᠶ᠎ᠡ ᠦᠵᠡᠭᠦᠯᠬᠦ ᠲᠣᠰᠬᠤᠨ︾ ᠂ ᠪᠦᠬᠦ | ᠠᠶᠢᠮᠠᠭ ᠤᠨ ︽ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾ ᠂ ᠪᠦᠬᠦ ᠠᠶᠢᠮᠠᠭ ᠤᠨ | ︽ᠲᠠᠪᠤᠨ ᠬᠦᠴᠦᠷᠬᠡᠭ︾ ᠨᠠᠮ ᠤᠨ ᠵᠣᠬᠢᠶᠠᠨ ᠪᠠᠶᠢᠭᠤᠯᠤᠯᠲᠠ᠂ ᠪᠦᠬᠦ ᠬᠤᠰᠢᠭᠤᠨ ᠤ ᠠᠩᠬᠠᠳᠠᠭᠴᠢ ︽ᠵᠠᠷᠭᠤ | ᠦᠭᠡᠢ ᠲᠣᠰᠬᠤᠨ︾ ᠵᠡᠷᠭᠡ ᠢᠷᠠᠭᠤ ᠠᠯᠳᠠᠷ ᠢ ᠬᠦᠷᠳᠡᠭᠰᠡᠨ ᠪᠠᠶᠢᠨ᠎ᠠ᠃ | ᠯᠢ ᠵᠢᠶᠦ᠋ᠨ᠄ ︽ᠰᠣᠩᠭᠤᠭᠤᠯᠢ ᠶᠢᠨ ᠠᠷᠠᠳ ᠤᠨ ᠢᠲᠡᠭᠡᠯ ᠨᠠᠶᠢᠳᠠᠯᠭ᠎ᠠ ᠪᠣᠯ ᠮᠢᠨᠦ ᠡᠬᠦᠷᠭᠡ | ᠬᠠᠷᠢᠭᠤᠴᠠᠯᠭ᠎ᠠ ᠪᠠᠨ ᠭᠦᠢᠴᠡᠳᠭᠡᠬᠦ ᠬᠠᠮᠤᠭ ᠤᠨ ᠶᠡᠭᠡ ᠬᠦᠳᠡᠯᠭᠡᠬᠦ ᠬᠦᠴᠦᠨ ᠮᠥᠨ᠃ ᠮᠢᠨᠦ ᠬᠤᠪᠢ ᠳᠤ᠂ ᠤᠯᠠᠨ | ᠲᠦᠮᠡᠨ ᠤ ᠵᠢᠵᠢᠭ ᠰᠠᠵᠢᠭ ᠶᠠᠪᠤᠳᠠᠯ ᠢ ᠥᠪᠡᠷ ᠤᠨ ᠶᠡᠭᠡ ᠶᠠᠪᠤᠳᠠᠯ ᠢᠶᠠᠨ ᠪᠣᠯᠭᠠᠵᠤ᠂ ᠤᠯᠠᠨ ᠲᠦᠮᠡᠨ ᠤ ᠬᠦᠰᠡᠯ | ᠱᠠᠭᠠᠷᠳᠠᠯᠭ᠎ᠠ ᠶᠢ ᠦᠨᠡᠨ ᠪᠣᠳᠠᠲᠠᠢ ᠪᠠᠷ ᠲᠤᠰᠬᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ | ᠦᠢᠯᠡᠰ ᠢ ᠬᠥᠭᠵᠢᠭᠦᠯᠬᠦ᠂ ᠤᠯᠠᠨ ᠲᠦᠮᠡᠨ ᠳᠤ ᠦᠢᠯᠡᠴᠢᠯᠡᠬᠦ ᠶᠠᠪᠤᠴᠠ ᠳᠤ ᠠᠷᠠᠳ ᠤᠨ ᠲᠥᠯᠥᠭᠡᠯᠡᠭᠴᠢ ᠶᠢᠨ | ᠦᠢᠯᠡᠳᠦᠯ ᠢᠶᠠᠨ ᠪᠠᠳᠠᠷᠠᠭᠤᠯᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠨᠢ | ᠵᠦᠪ︾᠃ | ᠠᠷᠠᠳ ᠤᠨ ᠲᠥᠯᠥᠭᠡᠯᠡᠭᠴᠢ ᠪᠣᠯ ᠨᠠᠮ ᠵᠠᠰᠠᠭ ᠤᠨ ᠠᠷᠠᠳ ᠤᠯᠠᠨ ᠲᠠᠢ ᠬᠠᠷᠢᠯᠴᠠᠬᠤ ᠴᠢᠬᠤᠯᠠ ᠬᠥᠭᠦᠷᠭᠡ | ᠬᠤᠯᠪᠣᠭᠠᠰᠤ ᠪᠤᠯᠤᠨ᠎ᠠ᠃ ᠯᠢ ᠵᠢᠶᠦ᠋ᠨ ᠡᠶᠢᠨᠬᠦ ᠡᠬᠦᠷᠭᠡ ᠬᠠᠷᠢᠭᠤᠴᠠᠯᠭ᠎ᠠ ᠭᠦᠢᠴᠡᠳᠬᠡᠬᠦ ᠶᠠᠪᠤᠴᠠ ᠳᠠᠭᠠᠨ ᠪᠦᠬᠦ | ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠪᠠᠲᠤ ᠴᠡᠭᠡᠵᠢᠯᠡᠨ᠂ ᠠᠷᠠᠳ | ᠤᠯᠠᠨ ᠢ ᠢᠮᠠᠭᠲᠠ ᠰᠡᠳᠬᠢᠯ ᠳᠡᠭᠡᠨ ᠪᠤᠳᠤᠵᠤ᠂ ᠠᠷᠠᠳ ᠤᠯᠠᠨ ᠢ ᠬᠠᠪᠰᠤᠷᠤᠨ ᠬᠦᠴᠢᠷ ᠠᠰᠠᠭᠤᠳᠠᠯ ᠢ ᠨᠢ | ᠰᠢᠢᠳᠪᠦᠷᠢᠯᠡᠵᠦ᠂ ᠵᠥᠷᠢᠴᠡᠯ ᠵᠢᠭᠤᠷᠠᠭᠠᠨ ᠢ ᠡᠶᠡᠳᠡᠬᠦᠯᠵᠦ᠂ ᠠᠷᠠᠳ ᠤᠯᠠᠨ ᠤ ᠠᠮᠢᠳᠤᠷᠠᠯ ᠢ ᠰᠠᠶᠢᠵᠢᠷᠠᠭᠤᠯᠬᠤ ᠪᠠᠷ | ᠴᠢᠷᠮᠠᠶᠢᠨ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠲᠥᠯᠥᠭᠡᠯᠡᠭᠴᠢ ᠶᠢᠨ ᠬᠠᠷᠢᠭᠤᠴᠠᠯᠭ᠎ᠠ | ᠡᠭᠦᠷᠭᠡᠯᠡᠯ ᠶᠠᠭᠤ ᠭᠡᠳᠡᠭ ᠢ ᠲᠠᠶᠢᠯᠪᠤᠷᠢᠯᠠᠭᠠᠳ᠂ ᠠᠷᠠᠳ ᠤᠯᠠᠨ ᠤ ᠰᠡᠳᠬᠢᠯ ᠳᠠᠬᠢ ︽ᠳᠣᠲᠣᠨᠣ ᠬᠥᠮᠦᠨ︾ ᠪᠠ ︽ | ᠵᠠᠮᠴᠢᠯᠠᠨ ᠲᠠᠭᠠᠭᠤᠯᠤᠭᠴᠢ︾ ᠪᠤᠯᠤᠭᠰᠠᠨ ᠪᠠᠶᠢᠨ᠎ᠠ᠃ |