ᠬᠤᠰᠢᠭᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠠᠪᠤᠭᠳᠠᠭᠰᠠᠨ
ᠨᠡᠶᠢᠲᠡᠯᠡᠭᠰᠡᠨ ᠴᠠᠭ᠄
2024/12/25
  12 ᠰᠠᠷ᠎ᠠ ᠶᠢᠨ 24 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ 14 ᠳ᠋ᠤᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠲᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠲᠤᠬᠠᠢ ᠦᠬᠦᠯᠡᠯᠳᠡ ᠶᠢᠨ ᠬᠠᠮᠢᠶ᠎ᠠ ᠪᠦᠬᠦᠢ ᠠᠭᠤᠯᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠬᠠᠤᠯᠢ︾ ᠶᠢᠨ ᠬᠠᠮᠢᠶ᠎ᠠ ᠪᠦᠬᠦᠢ ᠠᠭᠤᠯᠭ᠎ᠠ ᠶᠢ ᠰᠤᠷᠤᠯᠴᠠᠭᠰᠠᠨ ᠪᠦᠭᠡᠳ ᠠᠶᠢᠮᠠᠭ ᠤᠨ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠪᠦᠯᠬᠦᠮ ᠤᠨ ᠭᠡᠰᠢᠭᠦᠨ᠂ ᠠᠶᠢᠮᠠᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠠᠵᠢᠯᠳᠠᠨ ᠰᠠᠷᠠᠨ᠎ᠠ ᠶᠢ ᠤᠷᠢᠵᠤ ︽ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠵᠤ᠂ ᠭᠠᠵᠢᠭᠤ ᠨᠣᠮᠯᠠᠯ ᠤᠨ ᠦᠳᠦᠭᠡᠯᠭᠡ ᠰᠠᠮᠠᠭᠤᠷᠠᠭᠤᠯᠤᠯ ᠢ ᠰᠡᠷᠭᠡᠶᠢᠯᠡᠬᠦ ︾ ᠲᠤᠰᠬᠠᠶ ᠰᠡᠳᠦᠪᠲᠦ ᠪᠣᠯᠪᠠᠰᠤᠷᠠᠯ ᠬᠢᠭᠰᠡᠨ ᠪᠠᠶᠢᠨ᠎ᠠ᠃  ᠬᠤᠷᠠᠯ ᠲᠡᠭᠡᠷ᠎ᠡ᠂ ᠬᠡᠰᠡᠭ ᠭᠠᠵᠠᠷ ᠤᠨ ᠲᠡᠰ ᠤᠨ ᠤᠳᠤᠷᠢᠳᠤᠯᠭ᠎ᠠ ᠠᠴᠠ ︽ᠨᠠᠮ ᠤᠨ ᠬᠤᠷᠢᠶᠠᠨ ︵ᠨᠠᠮ ᠤᠨ ᠤᠳᠤᠷᠢᠳᠬᠤ ᠳᠤᠭᠤᠶᠢᠯᠠᠩ︶ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠭᠠᠯ︾ ᠤᠨ ᠲᠣᠭᠤᠷᠢᠨ ᠳᠤ ᠰᠤᠳᠤᠯᠤᠨ ᠶᠠᠷᠢᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号