ᠲᠠᠶᠢᠹᠤᠰᠧ ᠬᠤᠰᠢᠭᠤᠨ ᠤ ᠎ ᠬᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠬᠠᠤᠯᠢ ᠲᠦᠷᠢᠮ ᠤᠨ ︽ᠭᠤᠷᠪᠠᠨ ᠲᠠᠪᠬᠤᠷ ᠪᠠᠲᠤᠯᠠᠭ᠎ᠠ︾  ᠬᠠᠩᠭᠠᠪᠠ
ᠨᠡᠶᠢᠲᠡᠯᠡᠭᠰᠡᠨ ᠴᠠᠭ᠄
2024/12/26
   ᠤᠶᠢᠷ᠎ᠠ ᠶᠢᠨ ᠵᠢᠯ ᠳᠤ᠂ ᠲᠠᠶᠢᠹᠤᠰᠧ ᠬᠤᠰᠢᠭᠤ ᠨᠢ ︽ᠦᠢᠯᠡᠳᠪᠦᠷᠢ ᠬᠤᠳᠠᠯᠳᠤᠭᠠᠨ ᠤ ᠬᠤᠯᠪᠣᠭ᠎ᠠ + N︾ ᠠᠵᠢᠯᠯᠠᠭᠠᠨ ᠤ ᠵᠠᠬᠪᠤᠷ ᠢ ᠡᠬᠦᠳᠴᠦ᠂ ᠠᠷᠠᠳ ᠠᠴᠠ ᠡᠵᠡᠩᠨᠡᠭᠰᠡᠨ ᠠᠵᠤ ᠠᠬᠤᠢᠯᠠᠯ ᠤᠨ ᠵᠠᠰᠠᠯᠲᠠ ᠶᠢ ᠢᠳᠡᠪᠬᠢᠲᠡᠢ ᠠᠬᠢᠭᠤᠯᠤᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠢᠯᠢᠳᠡᠭ ᠰᠠᠶᠢᠨ ᠬᠥᠭᠵᠢᠯᠲᠡ ᠶᠢᠨ ᠣᠷᠴᠢᠨ ᠨᠦᠬᠦᠴᠡᠯ ᠢ ᠬᠠᠩᠭᠠᠭᠰᠠᠨ ᠪᠠᠶᠢᠨ᠎ᠠ᠃ ᠨᠢᠭᠡ ᠳᠤ᠂ ᠬᠠᠤᠯᠢᠵᠢᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠪᠠᠷ ᠬᠦᠴᠦᠯᠡᠬᠦ ᠴᠡᠭ ᠪᠤᠯᠭᠠᠨ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠ ᠳᠣᠲᠣᠭᠠᠳᠤ ᠶᠢ ᠬᠠᠮᠠᠭᠠᠯᠠᠬᠤ ᠲᠤᠪᠴᠢᠶ᠎ᠠ᠂ ᠪᠠᠶᠢᠴᠠᠭᠠᠬᠤ  ᠬᠤᠷᠢᠶ᠎ᠠ᠂ ᠰᠢᠭᠦᠬᠦ ᠬᠤᠷᠢᠶ᠎ᠠ᠂  ᠬᠠᠤᠯᠢ ᠴᠠᠭᠠᠵᠠ ᠶᠢᠨ ᠲᠤᠪᠴᠢᠶᠠᠨ ᠤ  ᠬᠠᠮᠳᠤᠷᠠᠭᠰᠠᠨ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠬᠠᠤᠯᠢ  ᠎ ᠪᠠᠷ ᠵᠠᠰᠠᠬᠤ ︽ᠰᠡᠳᠬᠢᠯ ᠤᠨ ᠬᠥᠭᠦᠷᠭᠡ︾᠎ ᠶᠢ ᠴᠤᠭᠴᠠᠯᠠᠭᠠᠳ᠂ 20 ᠭᠠᠷᠤᠢ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ︽ ᠠᠵᠤ ᠠᠬᠤᠶᠢᠯᠠᠯ ᠤᠨ ᠡᠷᠭᠡ ᠠᠰᠢᠭ ᠢ ᠬᠠᠮᠠᠭᠠᠯᠠᠬᠤ︾  ᠶᠠᠷᠢᠯᠴᠠᠬᠤ ᠬᠤᠷᠠᠯ ᠳᠤ ᠤᠷᠤᠯᠴᠠᠭᠤᠯᠤᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠲᠤᠯᠭᠠᠷᠠᠭᠰᠠᠨ ᠬᠠᠤᠯᠢ ᠲᠦᠷᠢᠮ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠯ᠎ᠠ ᠲᠠᠯ᠎ᠠ ᠶᠢᠨ ᠬᠦᠴᠦᠨ ᠢ ᠨᠢᠭᠲᠠᠷᠠᠭᠤᠯᠤᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠬᠦᠯᠪᠡ᠃ ᠬᠤᠶᠠᠷ ᠲᠤ᠂ ᠵᠦᠷᠢᠴᠡᠯ ᠵᠢᠭᠤᠷᠠᠭᠠᠨ ᠢ ᠰᠢᠢᠳᠪᠦᠷᠢᠯᠡᠬᠦ ︽ᠪᠠᠲᠤᠯᠠᠭ᠎ᠠ ᠶᠢᠨ ᠲᠣᠣᠷ︾᠎ ᠢ ᠪᠠᠬᠢᠵᠢᠭᠦᠯᠵᠦ᠂ ᠠᠵᠤ ᠠᠬᠤᠶᠢᠯᠠᠯ ᠢ ᠬᠠᠪᠰᠤᠷᠤᠨ ᠬᠦᠴᠢᠷ ᠵᠣᠪᠠᠭᠤᠷᠢ ᠶᠢ ᠨᠢ ᠰᠢᠢᠳᠪᠦᠷᠢᠯᠡᠵᠦ ᠦᠭᠴᠡᠢ᠃ ᠬᠠᠮᠲᠤᠷᠠᠨ ᠡᠶᠡᠳᠡᠭᠦᠯᠬᠦ ᠲᠠᠰᠤᠭ ᠲᠤ ᠲᠦᠰᠢᠭᠯᠡᠵᠦ ︽ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠤᠳᠠᠯᠳᠤᠭᠠᠴᠢᠳ ᠤᠨ ᠡᠪᠯᠡᠯ ᠤᠨ ᠡᠶᠡᠳᠡᠭᠦᠯᠬᠦ ᠦᠢᠯᠡᠴᠢᠯᠡᠭᠡᠨ ᠤ ᠲᠠᠪᠴᠠᠩ︾ ᠬᠢᠭᠡᠳ ︽ᠰᠢᠭᠦᠬᠦ ᠬᠤᠷᠢᠶᠠᠨ ᠤ ᠡᠶᠡᠳᠡᠭᠦᠯᠬᠦ ᠲᠠᠪᠴᠠᠩ︾᠎ ᠤᠨ ᠪᠠᠶᠢᠭᠤᠯᠤᠯᠲᠠ ᠶᠢ ᠠᠬᠢᠭᠤᠯᠬᠤ ᠶᠢᠨ ᠬᠠᠮᠳᠤ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠠᠮᠲᠤᠷᠠᠨ ︽ᠴᠠᠭᠳᠠᠭᠠᠨ ᠤ ᠶᠠᠪᠤᠳᠠᠯ ᠤᠨ ᠬᠠᠷᠢᠯᠴᠠᠬᠤ ᠥᠷᠲᠡᠭᠡ  ᠎ ᠶᠢ ᠪᠠᠶᠢᠭᠤᠯᠵᠤ᠂ ᠴᠠᠭᠳᠠᠭ᠎ᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠬᠦᠨᠵᠡᠬᠡᠶᠢᠷᠡᠬᠦᠯᠦᠨ᠂ ᠬᠠᠤᠯᠢ ᠴᠠᠭᠠᠵᠠ ᠶᠢᠨ ᠲᠣᠪᠴᠢᠶ᠎ᠠ ᠲᠠᠢ ᠬᠠᠮᠵᠢᠯᠴᠠᠨ ᠦᠢᠯᠡᠴᠢᠯᠡᠭᠡᠨ ᠤ ᠴᠡᠭ ᠢ ᠪᠠᠶᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠬᠦ ᠦᠢᠯᠡᠴᠢᠯᠡᠭᠡ ᠎ ᠶᠢ  ᠠᠬᠢᠭᠤᠯᠤᠭᠠᠳ᠂ ᠠᠵᠤ ᠠᠬᠤᠶᠢᠯᠠᠯ ᠤᠨ ᠤᠯᠤᠯᠳᠠ ᠬᠦᠷᠲᠡᠮᠵᠢ ᠶᠢᠨ ᠲᠥᠷᠥᠭᠳᠡᠯ ᠢ  ᠲᠡᠭᠡᠭᠰᠢᠯᠡᠬᠦᠯᠦᠭᠰᠡᠨ ᠪᠠᠶᠢᠨ᠎ᠠ᠃ ᠭᠤᠷᠪᠠ ᠳᠤ᠂  ᠬᠠᠤᠯᠢ ᠪᠠᠷ ᠵᠠᠰᠠᠬᠤ ᠤᠬᠠᠭᠤᠯᠭ᠎ᠠ ᠶᠢᠨ ︽ᠠᠶᠠᠨ ᠤ ᠲᠠᠷᠪᠠᠭᠤᠯ︾᠎ ᠢ ᠪᠤᠰᠬᠠᠵᠤ᠂ ᠠᠵᠤ ᠠᠬᠤᠶᠢᠯᠠᠯ ᠤᠨ ᠬᠠᠤᠯᠢ  ᠎ ᠪᠠᠷ ᠵᠠᠰᠠᠬᠤ ᠴᠢᠳᠠᠪᠤᠷᠢ ᠶᠢ ᠴᠢᠩᠭᠠᠷᠠᠭᠤᠯᠪᠠ᠃ ᠬᠤᠳᠠᠯᠳᠤᠭᠠᠴᠢᠳ ᠤᠨ ᠶᠡᠷᠦᠩᠬᠡᠶ ᠡᠪᠯᠡᠯ ᠤᠨ ᠠᠷᠠᠳ ᠤᠨ ᠡᠶᠡᠳᠡᠭᠦᠯᠬᠦ ᠵᠦᠪᠯᠡᠯ ᠢ ᠪᠠᠶᠢᠭᠤᠯᠵᠤ᠂ ᠬᠤᠳᠠᠯᠳᠤᠭᠠᠴᠢᠳ ᠤᠨ ᠡᠪᠯᠡᠯ ᠤᠨ ᠡᠶᠡᠳᠡᠬᠦᠯᠬᠡ ᠶᠢᠨ ᠠᠵᠢᠯ ᠢ ᠲᠦᠷᠢᠮᠵᠢᠬᠦᠯᠦᠭᠰᠡᠨ ᠤ ᠬᠠᠮᠳᠤ᠂ ︽ᠬᠠᠤᠯᠢ ᠴᠠᠭᠠᠵᠠ ᠶᠢ ᠭᠤᠷᠪᠠ ᠳᠤ ᠣᠷᠣᠭᠤᠯᠬᠤ︾ ᠠᠵᠢᠯᠯᠠᠭ᠎ᠠ ᠶᠢ ᠥᠷᠨᠢᠭᠦᠯᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠤᠨ ᠬᠠᠤᠯᠢ ᠲᠦᠭᠡᠮᠡᠯᠵᠢᠬᠦᠯᠬᠦ ᠤᠬᠠᠭᠤᠯᠭ᠎ᠠ ᠬᠢᠵᠦ᠂ 2000 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠨ᠂ ᠬᠠᠤᠯᠢ ᠴᠠᠭᠠᠵᠠ ᠶᠢᠨ ᠵᠥᠪᠯᠡᠭᠴᠢ ᠶᠢ ᠤᠷᠢᠵᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠤᠬᠠᠭᠤᠯᠭ᠎ᠠ ᠵᠢᠯᠤᠭᠤᠳᠤᠯᠭ᠎ᠠ ᠬᠢᠯᠭᠡᠭᠰᠡᠨ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号