12 ᠰᠠᠷ᠎ᠠ ᠶᠢᠨ 24 ᠤ ᠡᠳᠦᠷ᠂ ᠲᠠᠶᠢᠹᠤᠰᠧ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ | ᠬᠤᠶᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠵᠦᠪᠯᠡᠯ ᠤᠨ ᠭᠤᠷᠪᠠᠳᠤᠭᠠᠷ ᠤᠳᠠᠭᠠᠨ ᠤ ᠬᠤᠷᠠᠯ | ᠠᠮᠵᠢᠯᠳᠠᠳᠠᠢ ᠬᠤᠷᠠᠯᠳᠤᠪᠠ᠃ ᠡᠨᠡ ᠤᠳᠠᠭᠠᠨ ᠤ ᠶᠡᠭᠡ ᠬᠤᠷᠠᠯ ᠳᠤ ᠣᠷᠣᠯᠴᠠᠬᠤ ᠶᠣᠰᠣᠲᠠᠢ ᠬᠡᠷᠡᠭ ᠡᠷᠬᠢᠯᠡᠭᠴᠢ | 36 ᠬᠥᠮᠦᠨ᠂ ᠪᠣᠳᠠᠲᠠᠢ ᠣᠷᠣᠯᠴᠠᠭᠰᠠᠨ ᠬᠡᠷᠡᠭ ᠡᠷᠬᠢᠯᠡᠭᠴᠢ 35 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ | ᠬᠥᠮᠦᠨ ᠲᠤᠭ᠎ᠠ ᠳᠤ ᠨᠡᠶᠢᠴᠡᠵᠡᠢ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠳ᠋ᠠᠢ ᡁᠢ ᠷᠦᠢ᠂ ᠳᠡᠳ᠋ | ᠬᠤᠰᠢᠭᠤ ᠳᠠᠷᠤᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠠᠷᠤᠭ᠎ᠠ ᠤᠶᠤᠨᠴᠡᠴᠡᠭ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠤᠨ ᠬᠡᠷᠡᠭ ᠬᠢᠨᠠᠭᠴᠢᠳ ᠤᠨ ᠳᠠᠷᠤᠭ᠎ᠠ ᠯᠢᠦ ᠲᠢᠩ ᠰᠢᠤ ᠬᠤᠷᠠᠯ ᠳᠤ ᠤᠷᠤᠯᠴᠠᠪᠠ᠃ | ᠬᠤᠷᠠᠯ ᠲᠡᠭᠡᠷ᠎ᠡ ︽ᠲᠠᠶᠢᠹᠤᠰᠧ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠤᠶᠠᠳᠤᠭᠠᠷ | ᠬᠤᠭᠤᠴᠠᠭᠠᠨ ᠤ ᠬᠡᠷᠡᠭ ᠡᠷᠬᠢᠯᠡᠭᠴᠢᠳ ᠤᠨ ᠵᠦᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠤᠨ ᠠᠵᠢᠯ ᠤᠨ | ᠮᠡᠳᠡᠭᠦᠯᠦᠯᠲᠡ︾ ︽2023-2024 ᠣᠨ ᠤ ᠵᠣᠭᠤᠰ ᠮᠥᠩᠭᠦ ᠡᠳ᠋ ᠪᠣᠳᠠᠰ ᠤᠨ ᠣᠷᠣᠯᠭ᠎ᠠ ᠵᠠᠷᠤᠯᠭ᠎ᠠ ᠶᠢᠨ | ᠪᠠᠶᠢᠳᠠᠯ ᠤᠨ ᠮᠡᠳᠡᠭᠦᠯᠦᠯᠲᠡ︾ ︽ᠲᠠᠶᠢᠹᠤᠰᠧ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ | ᠬᠤᠶᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠵᠦᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠤᠨ | ᠭᠦᠢᠴᠡᠳᠬᠡᠬᠦ ᠵᠥᠪᠯᠡᠯ ᠢ ᠪᠠᠶᠢᠭᠤᠯᠬᠤ ᠲᠤᠬᠠᠢ ᠲᠣᠳᠣᠷᠬᠠᠶᠢᠯᠠᠯᠲᠠ︾ ︽ ᠲᠠᠶᠢᠹᠤᠰᠧ ᠬᠤᠰᠢᠭᠤᠨ ᠤ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠤᠨ ᠬᠤᠶᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠵᠦᠪᠯᠡᠯ ᠤᠨ | ᠭᠤᠷᠪᠠᠳᠤᠭᠠᠷ ᠤᠳᠠᠭᠠᠨ ᠤ ᠬᠤᠷᠠᠯ ᠤᠨ ᠬᠡᠷᠡᠭ ᠡᠷᠬᠢᠯᠡᠭᠴᠢ᠂ ᠪᠠᠶᠢᠩᠭᠤ ᠶᠢᠨ ᠬᠡᠷᠡᠭ ᠡᠷᠬᠢᠯᠡᠭᠴᠢ ᠶᠢ ᠰᠣᠯᠢᠬᠤ ︵ | ᠨᠦᠬᠦᠵᠦ ᠨᠡᠮᠡᠬᠦ︶ ᠲᠤᠬᠠᠢ ᠲᠣᠳᠣᠷᠬᠠᠶᠢᠯᠠᠯᠲᠠ︾ ᠶᠢ ᠬᠢᠨᠠᠨ ᠵᠦᠪᠯᠡᠵᠦ ᠪᠠᠳᠤᠯᠠᠭᠰᠠᠨ ᠪᠠᠶᠢᠨ᠎ᠠ᠃ ᠶᠡᠭᠡ | ᠬᠤᠷᠠᠯ ᠠᠴᠠ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠳ᠋ᠠᠶ ᡁᠢ ᠷᠦᠢ ᠶᠢ ᠲᠠᠶᠢᠹᠤᠰᠧ ᠬᠤᠰᠢᠭᠤᠨ ᠤ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠡᠷ᠎ᠡ ᠬᠦᠨᠳᠦᠲᠦ ᠳᠠᠷᠤᠭ᠎ᠠ ᠪᠠᠷ ᠤᠷᠢᠵᠠᠢ᠃ ᠬᠤᠷᠠᠯ ᠠᠴᠠ᠂ | ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠢ ᠬᠤᠰᠢᠭᠤ ᠨᠠᠮ ᠵᠠᠰᠠᠭ ᠤᠨ ᠪᠠᠲᠤ ᠴᠢᠩᠭ᠎ᠠ | ᠤᠳᠤᠷᠢᠳᠤᠯᠭ᠎ᠠ ᠪᠣᠯᠤᠨ ᠳᠡᠭᠡᠳᠦ ᠱᠠᠲᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠦᠴᠦᠲᠡᠶ ᠳᠡᠮᠵᠢᠯᠭᠡ | ᠵᠢᠯᠣᠭᠤᠳᠣᠯᠭ᠎ᠠ ᠳᠣᠤᠷ᠎ᠠ ︽ᠨᠠᠮ ᠵᠠᠰᠠᠭ ᠤᠨ ᠬᠡᠷᠡᠭᠴᠡᠭᠡ᠂ ᠣᠯᠠᠨ ᠲᠦᠮᠡᠨ ᠤ ᠬᠦᠰᠡᠯ᠂ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠤᠨ ᠴᠢᠳᠠᠮᠵᠢ︾ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠭᠠᠨ ᠵᠠᠭᠠᠯᠮᠠᠶᠢᠲᠠᠨ ᠤ ᠦᠢᠯᠡᠳᠦᠯ | ᠴᠢᠳᠠᠯ ᠢ ᠭᠦᠢᠴᠡᠳ ᠪᠠᠳᠠᠷᠠᠭᠤᠯᠤᠨ᠂ ᠬᠠᠷᠢᠭᠤᠴᠠᠯᠭ᠎ᠠ ᠡᠬᠦᠷᠭᠡᠯᠡᠬᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ | ᠪᠤᠯᠭᠠᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠤᠯᠤᠯᠳᠠ ᠬᠦᠷᠲᠡᠮᠵᠢ ᠶᠢᠨ ᠲᠥᠷᠥᠭᠳᠡᠯ᠂ ᠠᠵᠠ ᠵᠢᠷᠭᠠᠯ | ᠤᠨ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠵᠦ᠂ ᠤᠯᠠᠭᠠᠨ ᠵᠠᠭᠠᠯᠮᠠᠶᠢᠲᠠᠨ ᠤ ᠦᠢᠯᠡᠰ ᠤᠨ ᠥᠷᠨᠢᠩᠭᠦᠶ | ᠬᠥᠭᠵᠢᠯᠲᠡ ᠶᠢ ᠠᠬᠢᠭᠤᠯᠪᠠ ᠬᠡᠵᠦ ᠵᠢᠯ ᠤᠨ ᠠᠵᠢᠯ ᠢᠶᠠᠨ ᠳ᠋ᠦᠩᠨᠡᠭᠰᠡᠨ ᠪᠦᠭᠡᠳ ᠢᠷᠡᠬᠦ ᠵᠢᠯ ᠳᠤ ᠬᠤᠰᠢᠭᠤᠨ ᠤ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠢ ᠶᠡᠷᠦᠩᠬᠡᠶ ᠱᠦᠵᠢ ᠰᠢ ᠶᠢᠨ ᠫᠢᠩ ᠤᠨ ᠤᠯᠠᠭᠠᠨ ᠵᠠᠭᠠᠯᠮᠠᠶᠢᠲᠠᠨ ᠤ | ᠦᠢᠯᠡᠰ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠤᠰᠢᠭᠤ ᠨᠠᠮ ᠵᠠᠰᠠᠭ ᠤᠨ ᠭᠤᠤᠯ ᠠᠵᠢᠯ ᠤᠨ ᠲᠣᠭᠤᠷᠢᠨ ᠳᠤ ︽ᠬᠥᠮᠥᠡᠯᠢᠭ ᠶᠣᠰᠣ᠂ | ᠲᠦᠭᠡᠮᠡᠯ ᠬᠠᠶᠢᠷ᠎ᠠ᠂ ᠬᠤᠪᠢ ᠨᠡᠮᠡᠷᠢ︾ ᠬᠡᠮᠡᠬᠦ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠦᠷᠭᠦᠯᠵᠢᠯᠡᠨ | ᠪᠠᠳᠠᠷᠠᠭᠤᠯᠵᠤ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠬᠥᠭᠦᠷᠭᠡ ᠬᠤᠯᠪᠤᠭ᠎ᠠ | ᠪᠠ ᠬᠠᠪᠰᠤᠷᠤᠭᠴᠢ ᠢᠶᠠᠨ ᠦᠢᠯᠡᠳᠦᠯ ᠢᠶᠠᠨ ᠰᠠᠶᠢᠲᠤᠷ ᠪᠠᠳᠠᠷᠠᠭᠤᠯᠤᠨ᠂ ᠲᠠᠶᠢᠹᠤᠰᠧ ᠬᠤᠰᠢᠭᠤᠨ ᠤ | ᠤᠳᠤᠬᠢᠴᠢᠯᠠᠭᠰᠠᠨ ᠪᠠᠶᠢᠭᠤᠯᠤᠯᠲᠠ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠬᠡᠵᠦ ᠴᠢᠬᠤᠯᠠᠴᠢᠯᠠᠪᠠ᠃ |