12 ᠰᠠᠷ᠎ᠠ ᠶᠢᠨ 2 ᠤᠨ ᠡᠳᠦᠷ ᠪᠤᠯ ︽ᠪᠥᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠳᠦᠷ︾ | ᠪᠤᠯᠤᠨ᠎ᠠ᠃ ᠠᠷᠠᠳ ᠤᠯᠠᠨ ᠤ ᠵᠠᠮ ᠬᠠᠷᠢᠯᠴᠠᠭᠠᠨ ᠤ ᠬᠠᠤᠯᠢ ᠲᠦᠷᠢᠮ ᠢ ᠰᠠᠬᠢᠬᠤ ᠤᠬᠠᠮᠰᠠᠷ ᠢ ᠳᠡᠭᠡᠭᠰᠢᠯᠡᠭᠦᠯᠵᠦ᠂ | ᠵᠠᠮ ᠬᠠᠷᠢᠯᠴᠠᠭᠠᠨ ᠤ ᠬᠠᠤᠯᠢ ᠲᠦᠷᠢᠮ ᠢ ᠵᠢᠷᠤᠮᠯᠠᠬᠤ᠂ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠬᠤ ᠰᠠᠶᠢᠨ | ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠲᠠᠶᠢᠹᠤᠰᠧ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠨᠢ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠭᠠᠯ | ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠵᠠᠰᠠᠮᠠᠯ ᠵᠠᠮ ᠠᠷᠠᠴᠢᠯᠠᠨ ᠬᠠᠮᠠᠭᠠᠯᠠᠬᠤ ᠲᠥᠪ ᠵᠡᠷᠭᠡ ᠰᠠᠯᠠᠭ᠎ᠠ ᠮᠥᠴᠢᠷ ᠲᠠᠢ ᠬᠤᠯᠪᠣᠭᠠᠯᠠᠨ ︽ᠪᠣᠯᠪᠠᠰᠤᠨ ᠰᠠᠶᠢᠬᠠᠨ | ᠵᠠᠮ ᠬᠠᠷᠢᠯᠴᠠᠭ᠎ᠠ ᠶᠢ ᠭᠠᠷ ᠬᠤᠯᠪᠤᠯᠴᠠᠨ ᠬᠠᠮᠲᠤ ᠪᠠᠷ ᠪᠠᠶᠢᠭᠤᠯᠬᠤ︾ ᠭᠤᠤᠯ ᠰᠡᠳᠦᠪᠲᠦ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠪᠡ᠃ ᠴᠠᠭᠳᠠᠭ᠎ᠠ ᠠᠵᠢᠯᠳᠠᠳ ᠤᠤ ᠱᠧᠩ ᠳ᠋ᠠ ᠬᠤᠳᠠᠯᠳᠤᠭᠠᠨ ᠤ ᠠᠰᠠᠷ ᠤᠨ ᠡᠬᠦᠳᠡᠨ ᠳᠤ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠬᠠᠭᠤᠯᠭ᠎ᠠ ᠶᠢᠨ ᠪᠢᠴᠢᠭᠡᠰᠦ ᠡᠯᠭᠦᠬᠦ ᠵᠡᠷᠭᠡ ᠬᠡᠯᠪᠡᠷᠢ ᠪᠠᠷ ᠣᠯᠠᠨ | ᠲᠦᠮᠡᠨ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠤᠬᠠᠭᠤᠯᠵᠤ᠂ ᠠᠷᠢᠬᠢ ᠤᠤᠭᠤᠵᠤ | ᠲᠡᠷᠭᠡ ᠵᠢᠯᠣᠭᠤᠳᠬᠤ᠂ ᠬᠤᠷᠳᠤ ᠭᠡᠳᠦᠷᠡᠵᠦ ᠲᠡᠷᠭᠡ ᠵᠢᠯᠣᠭᠤᠳᠬᠤ᠂ ᠦᠨᠡᠮᠯᠡᠯ ᠥᠬᠡᠶ ᠪᠠᠷ ᠲᠡᠷᠭᠡ ᠵᠢᠯᠣᠭᠤᠳᠬᠤ᠂ | ᠶᠠᠳᠠᠷᠠᠭᠰᠠᠨ ᠬᠤᠶᠢᠨ᠎ᠠ ᠲᠡᠷᠭᠡ ᠵᠢᠯᠣᠭᠤᠳᠬᠤ ᠵᠡᠷᠭᠡ ᠵᠠᠮ ᠬᠠᠷᠢᠯᠴᠠᠭᠠᠨ ᠤ ᠬᠠᠤᠯᠢ ᠲᠦᠷᠢᠮ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢᠨ ᠬᠤᠤᠷ ᠬᠥᠨᠥᠭᠡᠯᠲᠦ ᠴᠢᠨᠠᠷ ᠢ ᠭᠤᠤᠯᠳᠠᠯᠭ᠎ᠠ ᠲᠠᠢ ᠤᠬᠠᠭᠤᠯᠤᠨ ᠲᠠᠶᠢᠯᠪᠤᠷᠢᠯᠠᠭᠰᠠᠨ | ᠪᠠᠶᠢᠨ᠎ᠠ᠃ ᠳᠠᠷᠠᠭ᠎ᠠ ᠨᠢ ᠪᠤᠤᠴᠠᠩ ᠪᠠᠯᠭᠠᠰᠤᠨ ᠤ ᠲᠠᠢ ᠫᠢᠩ ᠨᠡᠶᠢᠭᠡᠮ ᠲᠣᠭᠤᠷᠢᠭ᠂ ᠰᠢᠨ ᠬᠤᠸᠠ ᠨᠡᠶᠢᠬᠡᠮ | ᠲᠤᠭᠤᠷᠢᠭ ᠪᠤᠯᠤᠮ ᠮᠸᠢ ᠲᠤᠸᠠᠨ ᠺᠤᠮᠫᠠᠨᠢ ᠵᠡᠷᠭᠡ ᠳᠤ ᠭᠦᠨᠵᠡᠭᠡᠶᠢᠷᠡᠨ ᠵᠠᠮ ᠬᠠᠷᠢᠯᠴᠠᠭᠠᠨ ᠤ ᠠᠮᠤᠷ ᠲᠦᠪᠰᠢᠨ ᠤ | ᠤᠬᠠᠭᠤᠯᠭ᠎ᠠ ᠬᠢᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠣᠯᠤᠨ ᠵᠠᠬᠢᠶᠠᠯᠠᠭ᠎ᠠ ᠬᠦᠷᠭᠡᠭᠴᠢᠳ ᠲᠤ ᠵᠠᠮ | ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠨ᠂ ᠡᠪᠦᠯ ᠤᠨ ᠤᠯᠠᠷᠢᠯ ᠤᠨ ᠴᠠᠭ | ᠠᠭᠠᠷ ᠤᠨ ᠣᠨᠴᠠᠯᠢᠭ ᠲᠠᠢ ᠤᠶᠠᠯᠳᠤᠭᠤᠯᠵᠤ ᠠᠩᠬᠠᠷᠬᠤ ᠵᠦᠢᠯ ᠪᠠ ᠠᠮᠤᠷ ᠲᠦᠪᠰᠢᠨ ᠤ ᠮᠡᠳᠡᠯᠭᠡ ᠶᠢ | ᠲᠦᠭᠡᠮᠡᠯᠵᠢᠭᠦᠯᠪᠠ᠃ ᠡᠨᠡ ᠤᠳᠠᠭ᠎ᠠ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ 800 ᠭᠠᠷᠤᠶ ᠬᠤᠪᠢ | ᠲᠠᠷᠬᠠᠭᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ ᠲᠦᠭᠡᠮᠡᠯᠵᠢᠬᠦᠯᠵᠦ᠂ ᠣᠯᠠᠨ | ᠲᠦᠮᠡᠨ ᠤ ᠠᠮᠤᠷ ᠲᠦᠪᠰᠢᠨ ᠤ ᠤᠬᠠᠮᠰᠠᠷ ᠢ ᠲᠡᠭᠡᠭᠰᠢᠯᠡᠬᠦᠯᠦᠭᠡᠳ᠂ ᠰᠠᠶᠢᠨ ᠰᠠᠶᠢᠬᠠᠨ ᠤᠬᠠᠭᠤᠯᠭ᠎ᠠ ᠶᠢᠨ ᠠᠭᠤᠷ | ᠠᠮᠢᠰᠬᠤᠯ ᠢ ᠪᠣᠶ ᠪᠤᠯᠭᠠᠵᠠᠢ᠃ |