ᠬᠤᠰᠢᠭᠤ ᠨᠠᠮ ᠤᠨ ᠬᠤᠷᠢᠶᠠᠨ ᠤ  ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2024/12/3
  12 ᠰᠠᠷ᠎ᠠ ᠶᠢᠨ 2 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ  ᠲᠤᠮᠳᠠᠳᠤ ᠤᠯᠤᠰ ᠤᠨ ᠡᠪ ᠬᠠᠮᠳᠤ ᠨᠠᠮ ᠤᠨ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ  ᠬᠤᠷᠢᠶᠠᠨ ᠤ 116 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ  ᠲᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠬᠤᠪᠧᠶ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠥᠬᠦ ᠬᠤᠰᠢᠭᠤᠨ ᠤ 2025 ᠣᠨ ᠤ ᠡᠳ᠋ ᠤᠨ ᠵᠠᠰᠠᠭ ᠤᠨ ᠲᠥᠰᠦᠪ ︵ᠲᠥᠰᠦᠯ︶ ᠤᠨ ᠲᠤᠬᠠᠶ ᠮᠡᠳᠡᠭᠦᠯᠦᠯᠲᠡ︾ ᠶᠢ ᠲᠤᠭᠤᠷᠪᠢᠭᠰᠠᠨ ᠪᠠᠶᠢᠳᠠᠯ ᠤᠨ ᠲᠣᠳᠣᠷᠬᠠᠶᠢᠯᠠᠯᠲᠠ᠂ ︽2025 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠬᠤᠲᠠ ᠶᠢᠨ ᠲᠠᠰ ᠤᠨ ᠪᠠᠯᠠ ᠮᠥᠩᠭᠦ ᠶᠢᠨ ᠲᠥᠯᠥᠪᠯᠡᠭᠡ ᠶᠢ ᠬᠡᠷᠡᠭᠵᠢᠭᠦᠯᠬᠦ ᠲᠥᠷᠥᠯ ᠲᠦᠷᠦᠯ ᠤᠨ ᠬᠦᠰᠦᠨᠦᠭᠲᠦ︾ ︽2025 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠣᠷᠣᠨ ᠤ ᠲᠠᠰ ᠤᠨ ᠪᠠᠯᠠ ᠮᠥᠩᠭᠦ ᠶᠢᠨ ᠲᠥᠯᠥᠪᠯᠡᠭᠡ ᠶᠢ ᠬᠡᠷᠡᠭᠵᠢᠭᠦᠯᠬᠦ ᠲᠥᠷᠥᠯ ᠵᠦᠢᠯ ᠤᠨ ᠬᠦᠰᠦᠨᠦᠭᠲᠦ︾᠂ ︽2025 ᠣᠨ ᠤ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠪᠠᠯᠠ ᠮᠥᠩᠭᠦ  ᠶᠢᠨ ᠵᠤᠯᠭᠠᠭᠤᠯᠤᠯᠳᠠ ᠶᠢᠨ ᠲᠥᠯᠥᠪᠯᠡᠭᠡ ᠶᠢ ᠬᠡᠷᠡᠭᠵᠢᠭᠦᠯᠬᠦ ᠲᠥᠷᠥᠯ ᠵᠦᠢᠯ ᠤᠨ ᠬᠦᠰᠦᠨᠦᠭᠲᠦ︾ ᠶᠢᠨ ᠪᠠᠶᠢᠳᠠᠯ ᠤᠨ ᠲᠣᠳᠣᠷᠬᠠᠶᠢᠯᠠᠯᠲᠠ ᠶᠢ ᠰᠤᠨᠤᠰᠤᠭᠰᠠᠨ ᠪᠠᠶᠢᠨ᠎ᠠ᠃ ᠬᠤᠷᠠᠯ ᠲᠡᠭᠡᠷ᠎ᠡ ᠪᠠᠰᠠ ᠪᠤᠰᠤᠳ ᠶᠠᠪᠤᠳᠠᠯ ᠢ ᠰᠤᠳᠤᠯᠤᠨ  ᠵᠦᠪᠯᠡᠵᠡᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号