ᠨᠡᠶᠢᠬᠡᠮ ᠲᠤᠭᠤᠷᠢᠭ ᠲᠤ ᠶᠠᠪᠤᠭᠳᠠᠭᠰᠠᠨ  ᠤᠳᠬ᠎ᠠ ᠠᠭᠤᠯᠭ᠎ᠠ ᠲᠠᠢ ᠬᠦᠳᠡᠯᠪᠦᠷᠢ
ᠨᠡᠶᠢᠲᠡᠯᠡᠭᠰᠡᠨ ᠴᠠᠭ᠄
2024/12/3
   ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠵᠦ᠂  ᠬᠡᠪ ᠵᠠᠩᠰᠢᠯ ᠤᠨ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠂ ᠪᠣᠯᠪᠠᠰᠤᠨ ᠣᠷᠣᠰᠢᠭᠤᠯᠭ᠎ᠠ ᠶᠢ ᠤᠷᠢᠶᠠᠯᠠᠬᠤ ᠶᠢᠨ ᠲᠥᠯᠥᠭᠡ᠂  ᠲᠠᠶᠢᠹᠤᠰᠧ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ ᠨᠢ ᠪᠤᠤᠴᠠᠩ ᠪᠠᠯᠭᠠᠰᠤᠨ ᠤ ᠰᠢᠨ ᠬᠤᠸᠠ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ᠂ ᠢᠳᠡᠷᠴᠤᠳ ᠨᠠᠰᠤᠳᠠᠶᠢᠴᠤᠳ ᠤᠨ ᠤᠷᠠᠯᠢᠭ ᠤᠨ ᠪᠦᠯᠬᠦᠮ ᠲᠠᠢ ᠬᠠᠮᠲᠤᠷᠠᠨ ︽ᠬᠡᠪ ᠵᠠᠩᠰᠢᠯ ᠤᠨ ᠦᠬᠡᠷᠡᠴᠢᠯᠡᠯᠳᠡ ᠶᠢ ᠰᠠᠨᠠᠭᠠᠴᠢᠯᠠᠵᠤ ᠪᠣᠯᠪᠠᠰᠤᠨ ᠰᠢᠨ᠎ᠡ ᠰᠤᠷᠲᠠᠯ ᠢ ᠪᠣᠶ ᠪᠣᠯᠭᠠᠬᠤ︾ ᠤᠷᠠᠨ ᠰᠠᠶᠢᠬᠠᠨ ᠤ ᠲᠣᠭᠯᠠᠯᠲᠠ  ᠪᠠ ᠤᠷᠠᠨ ᠪᠢᠴᠢᠯᠭᠡ ᠶᠢᠨ ᠦᠵᠡᠭᠦᠯᠭᠡ ᠡᠷᠬᠢᠯᠡᠵᠡᠢ᠃ ᠡᠨᠡ  ᠤᠳᠠᠭᠠᠨ ᠤ ᠬᠦᠳᠡᠯᠪᠦᠷᠢ ᠨᠢ ᠵᠠᠩ ᠳᠠᠳᠬᠠᠯ ᠢ ᠥᠭᠡᠷᠡᠴᠢᠯᠡᠬᠦ ᠭᠤᠣᠯ ᠰᠡᠳᠦᠪ ᠤᠨ ᠲᠣᠭᠤᠷᠢᠨ ᠳᠤ᠂ ᠤᠯᠠᠨ ᠲᠦᠮᠡᠨ ᠤ ᠦᠵᠡᠵᠦ ᠰᠣᠨᠣᠰᠬᠤ ᠳᠤᠷᠠᠲᠠᠢ ᠬᠡᠯᠪᠡᠷᠢ ᠪᠠᠷ ᠨᠠᠮ ᠤᠨ ᠰᠢᠨ᠎ᠡ ᠶᠢ ᠡᠭᠦᠳᠬᠦ ᠤᠨᠤᠯ ᠢ ᠳᠠᠭᠤᠤ᠂ ᠪᠥᠵᠢᠭ᠂ ᠬᠤᠯᠪᠣᠭ᠎ᠠ ᠪᠠ ᠤᠷᠠᠨ ᠪᠢᠴᠢᠯᠭᠡ ᠵᠡᠷᠭᠡ  ᠤᠳᠬ᠎ᠠ ᠤᠷᠠᠯᠢᠭ ᠤᠨ ᠠᠵᠢᠯᠯᠠᠭ᠎ᠠ ᠳᠤ ᠠᠭᠤᠰᠤᠯᠴᠠᠭᠤᠯᠤᠭᠠᠳ ︽ᠲᠣᠭᠲᠠᠮᠠᠯ ᠬᠢᠴᠢᠶᠡᠯ ᠤᠨ ᠲᠠᠪᠴᠠᠩ︾ ᠢ ︽ᠨᠡᠭᠦᠳᠡᠯ ᠬᠢᠴᠢᠶᠡᠯ ᠤᠨ ᠲᠠᠩᠬᠢᠮ︾ ᠪᠤᠯᠭᠠᠵᠤ ᠬᠤᠪᠢᠷᠠᠭᠤᠯᠤᠭᠰᠠᠨ ᠪᠠᠶᠢᠨ᠎ᠠ᠃ ᠠᠵᠢᠯᠲᠠᠳ ᠪᠠᠰᠠ ᠠᠬᠤᠢ ᠲᠠᠯᠠᠪᠠᠢ  ᠶᠢᠨ ᠦᠵᠡᠭᠴᠢᠳ ᠲᠤ ᠤᠷᠢᠶᠠᠯᠠᠭ᠎ᠠ ᠶᠢᠨ ᠪᠢᠴᠢᠭ ᠪᠠ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠣᠯᠠᠨ ᠲᠦᠮᠡᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂  ᠵᠠᠩ ᠳᠠᠳᠬᠠᠯ ᠤᠨ ᠦᠬᠡᠷᠡᠴᠢᠯᠡᠯᠳᠡ ᠶᠢᠨ ᠬᠠᠮᠢᠶᠠᠳᠠᠢ  ᠣᠨᠣᠯ ᠤᠨ ᠮᠡᠳᠡᠯᠭᠡ ᠪᠠ ᠲᠥᠷᠥ ᠶᠢᠨ ᠪᠣᠳᠣᠯᠭ᠎ᠠ ᠶᠢ ᠤᠬᠠᠭᠤᠯᠤᠨ᠂ ᠣᠯᠠᠨ ᠲᠦᠮᠡᠨ ᠤ ᠪᠣᠯᠪᠠᠰᠤᠨ ᠤ ᠤᠬᠠᠮᠰᠠᠷ ᠢ ᠤᠯᠠᠮ ᠴᠢᠩᠭᠠᠳᠬᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号