︽ᠠᠮᠤᠷ ᠲᠦᠪᠰᠢᠨ ᠤ ᠱᠤᠭᠤᠮ︾ ᠢ ᠪᠠᠲᠤ ᠴᠣᠭᠴᠠᠯᠠᠵᠤ ︽ᠠᠮᠤᠷ ᠲᠦᠪᠰᠢᠨ ᠤ ᠪᠣᠭᠤᠮᠲᠠ︾ ᠶᠢ ᠡᠷᠡᠰ ᠰᠠᠬᠢᠨ᠎ᠠ
ᠨᠡᠶᠢᠲᠡᠯᠡᠭᠰᠡᠨ ᠴᠠᠭ᠄
2024/12/3
  ᠣᠶᠢᠷ᠎ᠠ ᠳᠤ᠂ ᠴᠢᠶᠠᠨ ᠶᠢᠨ ᠭᠸᠦ ᠪᠠᠯᠭᠠᠰᠤ ᠨᠢ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ᠂ ᠵᠥᠷᠢᠴᠡᠯ ᠵᠢᠭᠤᠷᠠᠭᠠᠨ ᠤ ᠪᠠᠶᠢᠴᠠᠭᠠᠯᠳᠠ ᠶᠢᠨ ᠠᠵᠢᠯ ᠢ ᠲᠤᠰᠬᠠᠢ ᠬᠤᠷᠠᠯ ᠬᠢᠵᠦ ᠪᠠᠶᠢᠷᠢᠯᠠᠭᠤᠯᠤᠨ᠂   ᠡᠬᠦᠷᠭᠡ ᠬᠠᠷᠢᠭᠤᠴᠠᠯᠭ᠎ᠠ ᠶᠢ   ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠶᠢ ᠪᠤᠳᠠᠳᠠᠶᠢᠵᠢᠭᠤᠯᠤᠨ᠂ ᠡᠯ᠎ᠡ ᠲᠥᠷᠥᠯ ᠤᠨ ᠠᠶᠤᠯᠭᠦᠶ ᠦᠢᠯᠡᠳᠪᠦᠷᠢᠯᠡᠯ ᠪᠠ ᠵᠥᠷᠢᠴᠡᠯ ᠵᠢᠭᠤᠷᠠᠭᠠᠨ ᠤ ᠭᠡᠷᠡᠭ ᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ ᠪᠤᠢ᠃ 11 ᠰᠠᠷ᠎ᠠ ᠶᠢᠨ 29 ᠤ ᠡᠳᠦᠷ᠂ ᠪᠠᠯᠭᠠᠰᠤᠨ ᠤ ᠵᠠᠰᠠᠭ ᠤᠨ ᠣᠷᠳᠣᠨ ᠨᠢ ᠲᠣᠮᠢᠯᠠᠭᠰᠠᠨ ᠰᠠᠯᠪᠤᠷᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠪᠤᠷᠢ᠂ ᠬᠠᠤᠯᠢ ᠴᠠᠭᠠᠵᠠ ᠶᠢᠨ ᠰᠠᠯᠪᠤᠷᠢ ᠵᠡᠷᠭᠡ ᠰᠠᠯᠠᠭ᠎ᠠ ᠮᠥᠴᠢᠷ  ᠲᠠᠢ ᠬᠠᠮᠳᠤᠷᠠᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠢᠳᠡᠭᠡᠨ ᠤᠮᠳᠠᠭᠠᠨ ᠤ ᠠᠮᠤᠷ ᠲᠦᠪᠰᠢᠨ᠂ ᠡᠯ᠎ᠡ ᠲᠦᠷᠦᠯ ᠤᠨ ᠵᠥᠷᠢᠴᠡᠯ ᠵᠢᠭᠤᠷᠠᠭᠠᠨ ᠵᠡᠷᠭᠡ ᠶᠢᠨ ᠲᠣᠭᠤᠷᠢᠨ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠬᠦ ᠶᠢᠨ ᠬᠠᠮᠲᠤ ᠬᠠᠮᠢᠶ᠎ᠠ ᠪᠥᠬᠦᠶ ᠬᠠᠷᠢᠭᠤᠴᠠᠯᠭᠠᠲᠠᠨ ᠢ   ᠬᠤᠷᠢᠭ᠎ᠠ ᠱᠤᠭᠤᠮ ᠤᠨ ᠰᠡᠳᠬᠢᠬᠦᠶ ᠶᠢ ᠪᠠᠬᠢᠵᠢᠬᠦᠯᠵᠦ᠂ ᠬᠡᠮ ᠰᠤᠭᠤᠭ ᠢ ᠤᠷᠢᠳᠴᠢᠯᠠᠨ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠳᠤᠯᠠᠬᠤ ᠭᠡᠷᠡᠭᠳᠡᠢ ᠬᠡᠵᠦ ᠱᠠᠭᠠᠷᠳᠠᠪᠠ᠃  ᠤᠳᠤ ᠪᠣᠯᠲᠠᠯ᠎ᠠ᠂ ᠲᠤᠰ ᠪᠠᠯᠭᠠᠰᠤ ᠨᠢ ᠡᠯ᠎ᠡ ᠲᠥᠷᠥᠯ ᠤᠨ ᠵᠥᠷᠢᠴᠡᠯ ᠵᠢᠭᠤᠷᠠᠭᠠᠨ ᠢ ᠨᠡᠶᠢᠲᠡ 110 ᠤᠳᠠᠭ᠎ᠠ ᠠᠮᠵᠢᠯᠲᠠ ᠲᠠᠢ ᠡᠶᠡᠳᠡᠭᠦᠯᠵᠦ᠂ ᠭᠠᠵᠠᠷ ᠰᠢᠷᠣᠶ᠂ ᠦᠷᠢ ᠦᠭᠴᠡᠭᠡ᠂ ᠬᠥᠷᠰᠢ ᠵᠡᠷᠭᠡᠯᠡᠳᠡᠭᠡ᠂ ᠭᠡᠷ ᠪᠦᠯᠢ ᠶᠢᠨ  ᠵᠦᠷᠢᠴᠡᠯ ᠵᠢᠭᠤᠷᠠᠭᠠᠨ ᠳᠤ ᠲᠠᠩᠰᠠ ᠡᠪᠬᠡᠮᠡᠯ ᠪᠠᠶᠢᠭᠤᠯᠤᠨ᠂ ᠨᠠᠷᠢᠨ ᠪᠠᠶᠢᠳᠠᠯ ᠢ ᠲᠣᠳᠣᠷᠬᠠᠶ ᠤᠶᠢᠯᠠᠭᠠᠬᠤ ᠶᠢᠨ ᠬᠠᠮᠲᠤ᠂ ᠸᠢᠴᠠᠲ ᠤᠨ ᠴᠤᠭᠯᠠᠷᠠᠯ᠂ ᠣᠯᠠᠨ ᠨᠡᠶᠢᠲᠡ ᠶᠢᠨ ᠲᠠᠪᠴᠠᠩ ᠢᠶᠠᠷ ᠳᠠᠮᠵᠢᠭᠤᠯᠤᠨ ︽ᠠᠮᠤᠷ ᠲᠦᠪᠰᠢᠨ ᠤ ᠰᠠᠨᠠᠭᠤᠯᠤᠮᠵᠢ︾   ᠠᠶᠤᠯᠬᠦᠢ ᠦᠢᠯᠡᠳᠪᠦᠷᠢᠯᠡᠯ ᠤᠨ ᠶᠡᠷᠦ ᠶᠢᠨ ᠮᠡᠳᠡᠯᠭᠡ︾ ᠵᠡᠷᠭᠡ ᠶᠢ ᠤᠬᠠᠭᠤᠯᠤᠭᠠᠳ᠂ ᠣᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠬᠤ ᠬᠢᠷᠢ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂  ᠠᠮᠤᠷ ᠲᠦᠪᠰᠢᠨ ᠤ ᠠᠵᠢᠯ  ᠢ ︽ᠬᠥᠮᠦᠨ ᠪᠦᠬᠦᠨ ᠮᠡᠳᠡᠬᠦ᠂ ᠬᠥᠮᠦᠨ ᠪᠦᠬᠦᠨ ᠬᠠᠯᠠᠮᠵᠢᠯᠠᠬᠤ᠂ ᠬᠥᠮᠦᠨ ᠪᠦᠬᠦᠨ ᠣᠷᠣᠯᠴᠠᠬᠤ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠤᠯᠭᠠᠵᠠᠢ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号