ᠣᠶᠢᠷ᠎ᠠ ᠳᠤ᠂ ᠴᠢᠶᠠᠨ ᠶᠢᠨ ᠭᠸᠦ ᠪᠠᠯᠭᠠᠰᠤ ᠨᠢ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ᠂ ᠵᠥᠷᠢᠴᠡᠯ | ᠵᠢᠭᠤᠷᠠᠭᠠᠨ ᠤ ᠪᠠᠶᠢᠴᠠᠭᠠᠯᠳᠠ ᠶᠢᠨ ᠠᠵᠢᠯ ᠢ ᠲᠤᠰᠬᠠᠢ ᠬᠤᠷᠠᠯ ᠬᠢᠵᠦ ᠪᠠᠶᠢᠷᠢᠯᠠᠭᠤᠯᠤᠨ᠂ ᠡᠬᠦᠷᠭᠡ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠶᠢ ᠪᠤᠳᠠᠳᠠᠶᠢᠵᠢᠭᠤᠯᠤᠨ᠂ ᠡᠯ᠎ᠡ ᠲᠥᠷᠥᠯ ᠤᠨ | ᠠᠶᠤᠯᠭᠦᠶ ᠦᠢᠯᠡᠳᠪᠦᠷᠢᠯᠡᠯ ᠪᠠ ᠵᠥᠷᠢᠴᠡᠯ ᠵᠢᠭᠤᠷᠠᠭᠠᠨ ᠤ ᠭᠡᠷᠡᠭ ᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ ᠪᠤᠢ᠃ | 11 ᠰᠠᠷ᠎ᠠ ᠶᠢᠨ 29 ᠤ ᠡᠳᠦᠷ᠂ ᠪᠠᠯᠭᠠᠰᠤᠨ ᠤ ᠵᠠᠰᠠᠭ ᠤᠨ ᠣᠷᠳᠣᠨ ᠨᠢ ᠲᠣᠮᠢᠯᠠᠭᠰᠠᠨ ᠰᠠᠯᠪᠤᠷᠢ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠪᠤᠷᠢ᠂ ᠬᠠᠤᠯᠢ ᠴᠠᠭᠠᠵᠠ ᠶᠢᠨ ᠰᠠᠯᠪᠤᠷᠢ ᠵᠡᠷᠭᠡ ᠰᠠᠯᠠᠭ᠎ᠠ ᠮᠥᠴᠢᠷ | ᠲᠠᠢ ᠬᠠᠮᠳᠤᠷᠠᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠢᠳᠡᠭᠡᠨ ᠤᠮᠳᠠᠭᠠᠨ ᠤ ᠠᠮᠤᠷ ᠲᠦᠪᠰᠢᠨ᠂ | ᠡᠯ᠎ᠡ ᠲᠦᠷᠦᠯ ᠤᠨ ᠵᠥᠷᠢᠴᠡᠯ ᠵᠢᠭᠤᠷᠠᠭᠠᠨ ᠵᠡᠷᠭᠡ ᠶᠢᠨ ᠲᠣᠭᠤᠷᠢᠨ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠬᠦ ᠶᠢᠨ | ᠬᠠᠮᠲᠤ ᠬᠠᠮᠢᠶ᠎ᠠ ᠪᠥᠬᠦᠶ ᠬᠠᠷᠢᠭᠤᠴᠠᠯᠭᠠᠲᠠᠨ ᠢ ᠬᠤᠷᠢᠭ᠎ᠠ ᠱᠤᠭᠤᠮ ᠤᠨ ᠰᠡᠳᠬᠢᠬᠦᠶ ᠶᠢ ᠪᠠᠬᠢᠵᠢᠬᠦᠯᠵᠦ᠂ ᠬᠡᠮ | ᠰᠤᠭᠤᠭ ᠢ ᠤᠷᠢᠳᠴᠢᠯᠠᠨ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠦᠨᠡᠨ ᠬᠦ ᠪᠠᠳᠤᠯᠠᠬᠤ ᠭᠡᠷᠡᠭᠳᠡᠢ ᠬᠡᠵᠦ ᠱᠠᠭᠠᠷᠳᠠᠪᠠ᠃ ᠤᠳᠤ ᠪᠣᠯᠲᠠᠯ᠎ᠠ᠂ ᠲᠤᠰ ᠪᠠᠯᠭᠠᠰᠤ ᠨᠢ ᠡᠯ᠎ᠡ ᠲᠥᠷᠥᠯ ᠤᠨ | ᠵᠥᠷᠢᠴᠡᠯ ᠵᠢᠭᠤᠷᠠᠭᠠᠨ ᠢ ᠨᠡᠶᠢᠲᠡ 110 ᠤᠳᠠᠭ᠎ᠠ ᠠᠮᠵᠢᠯᠲᠠ ᠲᠠᠢ ᠡᠶᠡᠳᠡᠭᠦᠯᠵᠦ᠂ ᠭᠠᠵᠠᠷ ᠰᠢᠷᠣᠶ᠂ ᠦᠷᠢ | ᠦᠭᠴᠡᠭᠡ᠂ ᠬᠥᠷᠰᠢ ᠵᠡᠷᠭᠡᠯᠡᠳᠡᠭᠡ᠂ ᠭᠡᠷ ᠪᠦᠯᠢ ᠶᠢᠨ ᠵᠦᠷᠢᠴᠡᠯ ᠵᠢᠭᠤᠷᠠᠭᠠᠨ ᠳᠤ ᠲᠠᠩᠰᠠ ᠡᠪᠬᠡᠮᠡᠯ ᠪᠠᠶᠢᠭᠤᠯᠤᠨ᠂ | ᠨᠠᠷᠢᠨ ᠪᠠᠶᠢᠳᠠᠯ ᠢ ᠲᠣᠳᠣᠷᠬᠠᠶ ᠤᠶᠢᠯᠠᠭᠠᠬᠤ ᠶᠢᠨ ᠬᠠᠮᠲᠤ᠂ ᠸᠢᠴᠠᠲ ᠤᠨ ᠴᠤᠭᠯᠠᠷᠠᠯ᠂ ᠣᠯᠠᠨ ᠨᠡᠶᠢᠲᠡ ᠶᠢᠨ | ᠲᠠᠪᠴᠠᠩ ᠢᠶᠠᠷ ᠳᠠᠮᠵᠢᠭᠤᠯᠤᠨ ︽ᠠᠮᠤᠷ ᠲᠦᠪᠰᠢᠨ ᠤ ᠰᠠᠨᠠᠭᠤᠯᠤᠮᠵᠢ︾ ᠠᠶᠤᠯᠬᠦᠢ ᠦᠢᠯᠡᠳᠪᠦᠷᠢᠯᠡᠯ ᠤᠨ | ᠶᠡᠷᠦ ᠶᠢᠨ ᠮᠡᠳᠡᠯᠭᠡ︾ ᠵᠡᠷᠭᠡ ᠶᠢ ᠤᠬᠠᠭᠤᠯᠤᠭᠠᠳ᠂ ᠣᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠪᠠ ᠪᠠᠴᠢᠮ | ᠪᠠᠶᠢᠳᠠᠯ ᠢ ᠠᠷᠭᠠᠴᠠᠬᠤ ᠬᠢᠷᠢ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠮᠤᠷ ᠲᠦᠪᠰᠢᠨ ᠤ ᠠᠵᠢᠯ | ᠢ ︽ᠬᠥᠮᠦᠨ ᠪᠦᠬᠦᠨ ᠮᠡᠳᠡᠬᠦ᠂ ᠬᠥᠮᠦᠨ ᠪᠦᠬᠦᠨ ᠬᠠᠯᠠᠮᠵᠢᠯᠠᠬᠤ᠂ ᠬᠥᠮᠦᠨ ᠪᠦᠬᠦᠨ ᠣᠷᠣᠯᠴᠠᠬᠤ︾ ᠭᠦᠨ | ᠵᠤᠵᠠᠭᠠᠨ ᠠᠭᠤᠷ ᠠᠮᠢᠰᠬᠤᠯ ᠢ ᠪᠣᠶ ᠪᠤᠯᠭᠠᠵᠠᠢ᠃ |