ᠦᠢᠯᠡᠰ ᠪᠦᠳᠦᠬᠡᠬᠦ ᠪᠠᠷ ᠠᠵᠢᠯ ᠤᠯᠬᠤ ᠶᠢ ᠳᠠᠶᠢᠴᠢᠯᠠᠬᠤ ᠬᠢᠷᠢ ᠴᠢᠳᠠᠪᠤᠷᠢ ᠶᠢ ᠲᠠᠰᠤᠷᠠᠯᠳᠠ ᠦᠬᠡᠢ | ᠴᠢᠩᠭᠠᠷᠠᠭᠤᠯᠤᠭᠰᠠᠨ᠃ ᠦᠢᠯᠡᠰ ᠪᠦᠳᠦᠬᠡᠬᠦ ᠪᠠᠳᠤᠯᠠᠭᠠᠳᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠲᠡᠮ ᠬᠦᠦ ᠲᠠᠢ ᠪᠠᠳᠤᠯᠠᠭᠠᠳᠤ ᠵᠢᠭᠡᠯᠡᠯᠭᠡ ᠶᠢᠨ ᠲᠠᠶᠢᠴᠢᠯᠠᠨ ᠵᠢᠯᠣᠭᠤᠳᠬᠤ ᠦᠢᠯᠡᠳᠦᠯ ᠢ | ᠪᠠᠳᠠᠷᠠᠭᠤᠯᠵᠤ᠂ ᠦᠢᠯᠡᠰ ᠪᠦᠳᠦᠬᠡᠵᠦ ᠠᠵᠢᠯ ᠣᠯᠬᠤ ᠶᠢ ᠠᠬᠢᠭᠤᠯᠵᠠᠢ᠃ ᠤᠳᠤ ᠪᠣᠯᠲᠠᠯ᠎ᠠ᠂ ᠵᠢᠵᠢᠭ ᠪᠠᠭ᠎ᠠ ᠠᠵᠤ | ᠠᠬᠤᠶᠢᠯᠠᠯ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ᠂ ᠳᠡᠭᠡᠳᠦ ᠰᠤᠷᠭᠠᠭᠤᠯᠢ | ᠲᠡᠭᠦᠰᠦᠭᠰᠡᠳ᠂ ᠮᠠᠯᠴᠢᠨ ᠲᠠᠷᠢᠶᠠᠴᠢᠨ ᠳᠤ ᠨᠡᠶᠢᠳᠡ 1421 ᠲᠦᠮᠡᠨ ᠲᠥᠭᠦᠷᠢᠭ ᠤᠨ ᠦᠢᠯᠡᠰ ᠪᠦᠳᠦᠬᠡᠬᠦ | ᠪᠠᠳᠤᠯᠠᠭᠠᠳᠤ ᠵᠢᠭᠡᠯᠡᠯᠭᠡ ᠶᠢ ᠤᠯᠭᠤᠵᠤ᠂ 37 ᠬᠥᠮᠦᠨ᠂ 2 ᠠᠵᠤ ᠠᠬᠤᠶᠢᠯᠠᠯ ᠳᠤ ᠠᠰᠢᠭ ᠬᠦᠷᠳᠡᠭᠡᠭᠡᠳ᠂ | ᠡᠳ᠋ ᠤᠨ ᠵᠠᠰᠠᠭ ᠤᠨ ᠪᠠᠯᠠ ᠮᠦᠩᠬᠦ ᠶᠢᠨ ᠦᠢᠯᠡᠰ ᠪᠦᠳᠦᠬᠡᠬᠦ ᠶᠢ ᠲᠡᠳᠬᠦᠵᠦ ᠠᠵᠢᠯ ᠣᠯᠭᠤᠯᠲᠠ ᠶᠢ ᠠᠬᠢᠭᠤᠯᠬᠤ | ᠢᠳᠡᠪᠬᠢ ᠦᠢᠯᠡᠳᠦᠯ ᠢ ᠪᠠᠳᠠᠷᠠᠭᠤᠯᠤᠭᠰᠠᠨ ᠪᠠᠶᠢᠨ᠎ᠠ᠃ ᠦᠢᠯᠡᠰ ᠪᠦᠳᠦᠬᠡᠬᠦ ᠨᠡᠪᠴᠢᠬᠦᠯᠦᠯᠳᠡ ᠶᠢᠨ | ᠬᠦᠷᠢᠶᠡᠯᠡᠩ ᠤᠨ ᠠᠵᠢᠯ ᠣᠯᠭᠤᠬᠤ ᠦᠢᠯᠡᠰ ᠪᠦᠳᠦᠬᠡᠬᠦ ᠶᠢ ᠠᠬᠢᠭᠤᠯᠬᠤ ᠦᠢᠯᠡᠳᠦᠯ ᠢ ᠴᠢᠩᠭᠠᠳᠬᠠᠨ᠂ ᠦᠢᠯᠡᠰ | ᠪᠦᠳᠦᠬᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠬᠦᠯᠵᠦ᠂ ᠬᠠᠮᠳᠤ ᠪᠠᠷ ᠢᠶᠠᠨ ᠦᠢᠯᠡᠰ ᠪᠦᠳᠦᠬᠡᠵᠦ | ᠂ ᠣᠯᠠᠨ ᠢᠶᠠᠷ ᠢᠶᠠᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠨ᠂ ᠨᠠᠩ ᠴᠢᠨᠠᠷ ᠰᠠᠶᠢᠲᠠᠶ ᠦᠢᠯᠡᠰ ᠪᠦᠳᠦᠬᠡᠬᠦ | ᠰᠠᠶᠢᠨ ᠰᠠᠶᠢᠬᠠᠨ ᠪᠠᠶᠢᠳᠠᠯ ᠤᠨ ᠪᠤᠢ ᠪᠤᠯᠬᠤ ᠶᠢ ᠦᠷᠭᠦᠯᠵᠢᠯᠡᠨ ᠠᠬᠢᠭᠤᠯᠪᠠ᠃ ᠣᠳᠣᠬᠠᠨ ᠳᠤ᠂ ᠦᠢᠯᠡᠰ | ᠪᠦᠳᠦᠬᠡᠬᠦ ᠨᠡᠪᠴᠢᠬᠦᠯᠦᠯᠳᠡ ᠶᠢᠨ ᠠᠵᠤ ᠠᠬᠤᠶᠢᠯᠠᠯ 22 ᠪᠠᠶᠢᠵᠤ᠂ 305 ᠬᠥᠮᠦᠨ ᠢ ᠲᠠᠶᠢᠴᠢᠯᠠᠨ ᠠᠵᠢᠯ | ᠤᠯᠭᠤᠵᠠᠢ᠂ ᠡᠭᠦᠨ ᠳᠤ ᠣᠶᠤᠲᠠᠨ 62 ᠂ ᠬᠤᠲᠠ ᠪᠠᠯᠭᠠᠰᠤᠨ ᠤ ᠠᠵᠢᠯ ᠠᠯᠳᠠᠭᠰᠠᠳ 121᠂ ᠮᠠᠯᠴᠢᠨ | ᠲᠠᠷᠢᠶᠠᠴᠢᠨ 122 ᠪᠠᠶᠢᠭ᠎ᠠ ᠃ |