ᠲᠠᠶᠢᠹᠤᠰᠧ ᠬᠤᠰᠢᠭᠤᠨ ᠤ ︽ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ ᠪᠠᠲᠤᠯᠠᠬᠤ︾ ᠠᠵᠢᠯ ᠤᠨ ᠲᠤᠭ᠎ᠠ ᠪᠠᠷᠢᠮᠳᠠ —  ᠵᠢᠷᠭᠤᠭ᠎ᠠ
ᠨᠡᠶᠢᠲᠡᠯᠡᠭᠰᠡᠨ ᠴᠠᠭ᠄
2024/12/3
  ᠡᠯ᠎ᠡ ᠲᠥᠷᠥᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠤᠭᠰᠠᠨ᠃ ᠤᠳᠤ ᠪᠣᠯᠲᠠᠯ᠎ᠠ᠂ ᠶᠠᠳᠠᠭᠤ ᠠᠴᠠ ᠠᠩᠭᠢᠵᠢᠷᠠᠭᠰᠠᠨ 109 ᠬᠥᠮᠦᠨ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ ᠮᠥᠩᠭᠦ ᠨᠡᠶᠢᠳᠡ 22.34 ᠲᠦᠮᠡᠨ ᠲᠥᠭᠦᠷᠢᠭ ᠢ ᠤᠯᠭᠤᠭᠰᠠᠨ ᠪᠦᠭᠡᠳ 244 ᠬᠥᠮᠦᠨ ᠳᠤ  ᠵᠠᠮ ᠬᠠᠷᠢᠯᠴᠠᠭᠠᠨ ᠤ ᠨᠥᠬᠦᠪᠥᠷᠢ ᠨᠡᠶᠢᠳᠡ 7.32 ᠲᠦᠮᠡᠨ ᠲᠥᠭᠦᠷᠢᠭ ᠢ ᠤᠯᠭᠤᠵᠠᠢ᠃ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠬᠦᠴᠦᠨ ᠤ ᠬᠠᠮᠵᠢᠯᠴᠠᠭᠠᠨ ᠤ ᠬᠤᠷᠠᠯ ᠴᠤᠭᠯᠠᠭᠠᠨ ᠢ ᠦᠷᠭᠦᠯᠵᠢᠯᠡᠨ ᠦᠷᠨᠢᠬᠦᠯᠵᠦ᠂  ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠬᠤᠶᠠᠷ ᠵᠦᠢᠯ ᠤᠨ ᠬᠡᠯᠪᠡᠷᠢ ᠪᠠᠷ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ ᠵᠡᠮᠳᠡᠭᠴᠦᠳ᠂ ᠠᠵᠢᠯ ᠤᠯᠬᠤ ᠳᠤ ᠬᠦᠴᠢᠷᠲᠡᠶ ᠬᠥᠮᠦᠰ᠂ ᠬᠤᠲᠠ ᠪᠠᠯᠭᠠᠰᠤᠨ ᠤ ᠠᠵᠢᠯ ᠠᠯᠳᠠᠭᠰᠠᠳ ᠪᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠤᠯᠬᠤ ᠲᠠᠪᠴᠠᠩ ᠬᠠᠩᠭᠠᠵᠤ᠂ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠴᠤᠭᠯᠠᠭᠠᠨ ᠢ 2 ᠤᠳᠠᠭ᠎ᠠ᠂ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠴᠤᠭᠯᠠᠭᠠᠨ ᠢ 10 ᠤᠳᠠᠭ᠎ᠠ ᠡᠷᠬᠢᠯᠡᠭᠡᠳ᠂ ᠨᠡᠶᠢᠲᠡ 1416 ᠠᠵᠢᠯ ᠤᠨ ᠪᠠᠶᠢᠷᠢ   ᠶᠢ ᠬᠠᠩᠭᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号