ᠪᠥᠬᠦ ᠬᠤᠰᠢᠭᠤᠨ ᠤ ᠨᠠᠮ ᠤᠨ ᠭᠡᠰᠢᠬᠦᠳ ᠤᠨ ᠤᠯᠤᠰ ᠲᠥᠷᠥ ᠶᠢᠨ ᠬᠡᠪ ᠪᠣᠯᠪᠠᠰᠤᠷᠠᠯ᠂ ᠣᠨᠣᠯ ᠤᠨ ᠬᠢᠷᠢ | ᠲᠦᠪᠰᠢᠨ ᠪᠠ ᠲᠤᠬᠠᠶᠢᠯᠠᠭᠰᠠᠨ ᠠᠵᠢᠯ ᠤᠨ ᠬᠢᠷᠢ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠵᠦ᠂ ᠦᠨᠳᠦᠰᠦᠨ | ᠱᠠᠲᠤᠨ ᠤ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠯᠭ᠎ᠠ ᠬᠥᠮᠦᠵᠢᠯ ᠢ ᠨᠡᠶᠢᠳᠡᠮ ᠪᠦᠷᠬᠦᠭᠦᠯᠬᠦ ᠶᠢ ᠠᠬᠢᠭᠤᠯᠤᠨ | ᠦᠨᠳᠦᠰᠦᠨ ᠱᠠᠲᠤᠨ ᠤ ᠨᠠᠮ ᠤᠨ ᠭᠡᠰᠢᠬᠦᠳ ᠢ ᠵᠢᠯᠤᠭᠤᠳᠤᠨ ᠬᠤᠰᠢᠭᠤᠴᠢ ᠵᠢᠱᠢᠶᠡᠴᠢ ᠶᠢᠨ ᠦᠢᠯᠡᠳᠦᠯ ᠢ ᠨᠢ | ᠤᠯᠠᠮ ᠰᠠᠶᠢᠨ ᠪᠠᠳᠠᠷᠠᠭᠤᠯᠬᠤ ᠶᠢᠨ ᠲᠥᠯᠥᠭᠡ᠂ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠡᠷᠬᠢᠯᠡᠭᠰᠡᠨ | ᠨᠡᠮ ᠤᠨ ᠭᠡᠰᠢᠬᠦᠳ ᠢ ᠨᠠᠮ ᠤᠨ ᠰᠤᠷᠭᠠᠭᠤᠯᠢ ᠳᠤ ᠬᠦᠷᠭᠡᠵᠦ ᠡᠭᠡᠯᠵᠢᠯᠡᠨ ᠪᠣᠯᠪᠠᠰᠤᠷᠠᠭᠤᠯᠬᠤ ᠠᠩᠭᠢ ᠨᠢ 12 | ᠰᠠᠷ᠎ᠠ ᠶᠢᠨ 27 ᠤ ᠡᠳᠦᠷ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠬᠢᠴᠢᠶᠡᠯ ᠡᠬᠢᠯᠡᠪᠡ᠃ | ᠡᠨᠡ ᠤᠳᠠᠭᠠᠨ ᠤ ᠡᠬᠡᠯᠵᠢᠳᠦ ᠪᠣᠯᠪᠠᠰᠤᠷᠠᠯ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠤᠯᠭᠠᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ︽ᠨᠠᠮ ᠤᠨ ᠢᠶᠠᠨ ᠠᠴᠢ ᠳᠤ ᠲᠠᠯᠠᠷᠬᠠᠬᠤ᠂ ᠨᠠᠮ ᠤᠨ ᠢᠶᠠᠨ ᠦᠭᠡ ᠶᠢ ᠰᠣᠨᠣᠰᠬᠤ᠂ ᠨᠠᠮ ᠢᠶᠠᠨ ᠲᠠᠭᠠᠵᠤ | ᠤᠷᠤᠭᠰᠢᠯᠠᠬᠤ︾ ᠤᠯᠠᠨ ᠲᠦᠮᠡᠨᠴᠢ ᠬᠥᠮᠦᠵᠢᠯ ᠢ ᠪᠠᠶᠢᠩᠭᠤᠵᠢᠭᠤᠯᠤᠨ᠂ ᠨᠠᠮᠴᠢ ᠴᠢᠨᠠᠷ ᠤᠨ ᠪᠣᠯᠪᠠᠰᠤᠷᠠᠯ ᠢ | ᠴᠢᠩᠭᠠᠳᠬᠠᠬᠤ᠂ ᠬᠥᠭᠵᠢᠯᠲᠡ ᠶᠢᠨ ᠴᠢᠳᠠᠪᠤᠷᠢ ᠶᠢ ᠴᠢᠩᠭᠠᠷᠠᠭᠤᠯᠬᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠶᠢ | ᠳᠡᠭᠡᠭᠰᠢᠯᠡᠭᠦᠯᠬᠦ ᠵᠡᠷᠭᠡ ᠠᠭᠤᠯᠭ᠎ᠠ ᠶᠢᠨ ᠲᠣᠭᠤᠷᠢᠨ ᠳᠤ ᠶᠠᠪᠤᠭᠳᠠᠭᠰᠠᠨ ᠪᠠᠶᠢᠨ᠎ᠠ᠃ ᠪᠤᠯᠪᠠᠰᠤᠷᠠᠯ ᠲᠡᠭᠡᠷ᠎ᠡ᠂ | ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠤᠯᠤᠰ ᠤᠨ ᠵᠠᠰᠠᠯᠲᠠ ᠶᠢᠨ ᠵᠢᠭᠠᠨ ᠰᠤᠳᠤᠯᠬᠤ | ᠬᠡᠯᠲᠡᠰ ᠤᠨ ᠳᠡᠳ᠋ ᠡᠷᠬᠢᠯᠡᠭᠴᠢ᠂ ᠯᠧᠺᠲ᠋ᠣᠷ ᠯᠢᠦ ᠫᠸᠢ ᠬᠤᠸᠠ᠂ ᠬᠤᠰᠢᠭᠤ ᠨᠠᠮ ᠤᠨ ᠬᠤᠷᠢᠶᠠᠨ ᠤ ᠨᠠᠮ ᠤᠨ | ᠰᠤᠷᠭᠠᠭᠤᠯᠢ ᠶᠢᠨ ᠳᠡᠭᠡᠳᠦ ᠵᠡᠷᠭᠡ ᠶᠢᠨ ᠯᠧᠺᠲ᠋ᠣᠷ ᠷᠧᠨ ᠯᠢ᠂ ᠬᠤᠰᠢᠭᠤ ᠨᠠᠮ ᠤᠨ ᠬᠤᠷᠢᠶᠠᠨ ᠤ ᠨᠠᠮ ᠤᠨ | ᠰᠤᠷᠭᠠᠭᠤᠯᠢ ᠶᠢᠨ ᠯᠧᠺᠲ᠋ᠣᠷ ᠰᠦᠨ ᠵᠠᠨ ᠴᠧᠩ ᠠᠴᠠ ᠲᠤᠰᠪᠤᠷᠢ ᠲᠤᠰᠬᠠᠶ ᠰᠡᠳᠦᠪᠲᠦ ᠬᠢᠴᠢᠶᠡᠯ ᠲᠠᠶᠢᠯᠤᠮᠵᠢ | ᠬᠢᠭᠰᠡᠨ ᠪᠥᠭᠡᠳ ᠲᠥᠪ ᠤᠨ ᠨᠠᠮ ᠤᠨ ᠰᠤᠷᠭᠠᠭᠤᠯᠢ ᠶᠢᠨ ᠦᠨᠳᠦᠰᠦᠲᠡᠨ ᠪᠠ ᠱᠠᠰᠢᠨ ᠰᠤᠷᠲᠠᠬᠤᠨ ᠤ ᠠᠵᠢᠯ ᠤᠨ | ᠵᠢᠭᠠᠨ ᠰᠤᠳᠤᠯᠬᠤ ᠲᠠᠰᠤᠭ ᠤᠨ ᠳᠡᠳ᠋ ᠡᠷᠬᠢᠯᠡᠭᠴᠢ᠂ ᠫᠷᠤᠹᠧᠰᠰᠤᠷ ᠫᠦ᠋ ᠴᠠᠩ ᠴᠦᠨ ᠤ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ ᠭᠤᠤᠯ ᠰᠡᠳᠦᠪᠳᠦ ᠰᠣᠳᠣᠨ ᠬᠢᠴᠢᠶᠡᠯ | ᠢ ᠰᠢᠩᠭᠡᠭᠡᠯᠳᠡ ᠪᠠᠷ ᠰᠣᠨᠢᠷᠬᠠᠪᠠ᠃ ᠡᠨᠡ ᠤᠳᠠᠭᠠᠨ ᠤ ᠪᠣᠯᠪᠠᠰᠤᠷᠠᠯ ᠤᠨ ᠠᠭᠤᠯᠭ᠎ᠠ ᠨᠢ ᠪᠠᠶᠠᠯᠢᠭ᠂ ᠬᠠᠨᠳᠤᠯᠭᠠᠲᠤ | ᠴᠢᠨᠠᠷ ᠢᠶᠠᠷ ᠴᠢᠩᠭ᠎ᠠ ᠪᠠᠶᠢᠵᠤ᠂ ᠨᠡᠮ ᠤᠨ ᠭᠡᠰᠢᠬᠦᠳ ᠢ ᠬᠠᠪᠰᠤᠷᠤᠨ ᠤᠨᠤᠯ ᠤᠨ ᠰᠠᠭᠤᠷᠢ ᠶᠢ ᠪᠠᠬᠢᠵᠢᠭᠦᠯᠵᠦ᠂ | ᠪᠣᠳᠠᠲᠠᠶ ᠠᠵᠢᠯ ᠤᠨ ᠴᠢᠳᠠᠪᠤᠷᠢ ᠶᠢ ᠨᠢ ᠲᠡᠭᠡᠭᠰᠢᠯᠡᠬᠦᠯᠵᠡᠢ᠃ ᠭᠤᠤᠯ ᠬᠢᠴᠢᠶᠡᠯ ᠤᠨ ᠲᠠᠯᠠᠪᠠᠢ ᠳᠤ ᠡᠯ᠎ᠡ ᠰᠠᠯᠠᠭ᠎ᠠ | ᠮᠦᠴᠢᠷ ᠤᠨ 112 ᠨᠠᠮ ᠤᠨ ᠭᠡᠰᠢᠭᠦᠨ ᠬᠢᠴᠢᠶᠡᠯ ᠰᠤᠨᠤᠰᠴᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ | ᠨᠡᠶᠢᠬᠡᠮ ᠲᠤᠭᠤᠷᠢᠭ ᠤᠨ 1878 ᠨᠠᠮ ᠤᠨ ᠭᠡᠰᠢᠭᠦᠨ ᠬᠤᠪᠢᠶᠠᠷᠢ ᠬᠢᠴᠢᠶᠡᠯ ᠤᠨ ᠲᠠᠯᠠᠪᠠᠢ ᠳᠤ ᠸᠢᠳᠢᠣ᠋ ᠬᠡᠯᠪᠡᠷᠢ ᠪᠠᠷ | ᠪᠣᠯᠪᠠᠰᠤᠷᠠᠯ ᠳᠤ ᠤᠷᠤᠯᠴᠠᠭᠰᠠᠨ ᠪᠠᠶᠢᠨ᠎ᠠ᠃ |