ᠲᠠᠶᠢᠹᠤᠰᠧ ᠬᠤᠰᠢᠭᠤ ᠣᠯᠠᠨ ᠲᠠᠰ ᠳᠠᠪᠬᠤᠷᠭ᠎ᠠ ᠶᠢᠨ ᠨᠠᠰᠤᠵᠢᠯ ᠤᠨ ᠳᠠᠭᠠᠳᠬᠠᠯ ᠤᠨ ᠰᠢᠰᠲ᠋ᠧᠮᠵᠢ ᠶᠢ ᠲᠡᠬᠦᠯᠳᠡᠷᠵᠢᠬᠦᠯᠬᠦ ᠪᠠᠩᠬᠢ ᠠᠵᠤ ᠠᠬᠤᠶᠢᠯᠠᠯ ᠤᠨ ᠲᠠᠨᠢᠯᠴᠠᠭᠤᠯᠭ᠎ᠠ ᠶᠢᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/12/30
  ᠪᠥᠬᠦ ᠬᠤᠰᠢᠭᠤᠨ ᠤ ᠣᠯᠠᠨ ᠲᠠᠰ ᠳᠠᠪᠬᠤᠷᠭ᠎ᠠ ᠶᠢᠨ ᠨᠠᠰᠤᠵᠢᠯ ᠤᠨ ᠳᠠᠭᠠᠳᠬᠠᠯ ᠤᠨ ᠰᠢᠰᠲ᠋ᠧᠮᠵᠢ ᠶᠢᠨ ᠤᠯᠠᠮ ᠲᠡᠭᠦᠯᠳᠡᠷᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠪᠠᠳᠤᠯᠠᠭᠠᠨ ᠤ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 12 ᠰᠠᠷ᠎ᠠ ᠶᠢᠨ 28᠎ ᠤ ᠡᠳᠦᠷ ᠲᠠᠶᠢᠹᠤᠰᠧ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠪᠤᠯᠤᠨ ᠬᠡᠰᠡᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠮᠳᠤᠷᠠᠵᠤ᠂ ᠣᠯᠠᠨ ᠲᠠᠰ ᠳᠠᠪᠬᠤᠷᠭ᠎ᠠ ᠶᠢᠨ ᠨᠠᠰᠤᠵᠢᠯ ᠤᠨ ᠳᠠᠭᠠᠳᠬᠠᠯ ᠤᠨ ᠰᠢᠰᠲ᠋ᠧᠮᠵᠢ ᠶᠢ ᠲᠡᠬᠦᠯᠳᠡᠷᠵᠢᠬᠦᠯᠬᠦ ᠪᠠᠩᠬᠢ ᠠᠵᠤ ᠠᠬᠤᠶᠢᠯᠠᠯ ᠤᠨ ᠲᠠᠨᠢᠯᠴᠠᠭᠤᠯᠭ᠎ᠠ ᠶᠢᠨ ᠬᠤᠷᠠᠯ ᠡᠷᠭᠢᠯᠡᠪᠡ᠃ ᠬᠤᠷᠠᠯ ᠳᠡᠭᠡᠷ᠎ᠡ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠪᠤᠯᠤᠨ ᠠᠮᠢ ᠨᠠᠰᠤᠨ ᠤ ᠳᠠᠭᠠᠳᠬᠠᠯ ᠤᠨ ᠺᠣᠮᠫᠠᠨᠢ᠂ ᠲᠠᠷᠢᠶᠠᠯᠠᠩ ᠤᠨ ᠪᠠᠩᠬᠢ ᠶᠢᠨ  ᠬᠠᠷᠢᠭᠤᠴᠠᠯᠭᠠᠳᠠᠨ ᠪᠠ ᠠᠵᠢᠯᠳᠠᠨ ᠠᠴᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠤᠬᠠᠶ ᠤᠬᠠᠭᠤᠯᠭ᠎ᠠ ᠲᠠᠶᠢᠯᠤᠮᠵᠢ ᠬᠢᠭᠰᠡᠨ ᠪᠦᠭᠡᠳ ᠤᠬᠠᠭᠤᠯᠭ᠎ᠠ ᠶᠢᠨ ᠲᠠᠪᠴᠠᠩ ᠭᠠᠷᠭᠠᠵᠤ᠂ ᠠᠵᠤ ᠠᠬᠤᠶᠢᠯᠠᠯ ᠤᠨ ᠲᠥᠯᠥᠭᠡᠯᠡᠭᠴᠢᠳ ᠲᠠᠢ ᠰᠠᠨᠠᠯ ᠪᠤᠳᠤᠯ ᠢᠶᠠᠨ ᠰᠤᠯᠢᠯᠴᠠᠨ᠂ ᠮᠠᠳᠠᠭ ᠲᠠᠢ ᠠᠰᠠᠭᠤᠳᠠᠯ ᠳᠤ ᠬᠠᠷᠢᠭᠤᠯᠳᠠ ᠦᠭᠴᠡᠢ᠃ ᠡᠨᠡ ᠤᠳᠠᠭᠠᠨ ᠤ ᠠᠵᠢᠯᠯᠠᠭ᠎ᠠ ᠪᠠᠷ ᠲᠠᠮᠵᠢᠭᠠᠳ᠂ ᠪᠠᠩᠬᠢ ᠠᠵᠤ ᠠᠬᠤᠶᠢᠯᠠᠯ ᠬᠤᠶᠠᠷ ᠲᠠᠯ᠎ᠠ ᠶᠢᠨ ᠣᠶᠢᠯᠠᠭᠠᠯᠲᠠ ᠶᠢ ᠤᠯᠠᠮ ᠭᠦᠨᠵᠡᠭᠡᠶᠢᠷᠡᠭᠦᠯᠵᠦ᠂ ᠬᠤᠶᠢᠰᠢᠳᠠ ᠶᠢᠨ ᠬᠠᠮᠲᠤᠷᠠᠯᠴᠠᠭ᠎ᠠ ᠳᠤ ᠰᠠᠭᠤᠷᠢ ᠲᠠᠯᠪᠢᠭᠰᠠᠨ ᠪᠥᠭᠡᠳ ᠪᠥᠬᠦ ᠬᠤᠰᠢᠭᠤᠨ ᠤ ᠣᠯᠠᠨ ᠲᠠᠰ ᠳᠠᠪᠬᠤᠷᠭ᠎ᠠ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠢᠰᠲ᠋ᠧᠮᠵᠢ ᠶᠢ ᠲᠡᠭᠦᠯᠳᠡᠷᠵᠢᠭᠦᠯᠬᠦ ᠳᠤ ᠢᠳᠡᠪᠬᠢᠲᠡᠶ ᠦᠢᠯᠡᠳᠦᠯ ᠦᠵᠡᠭᠦᠯᠦᠭᠰᠡᠨ ᠪᠠᠶᠢᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠬᠤᠪᠢᠴᠠᠭᠠᠨ ᠤ ᠳᠦᠷᠢᠮᠲᠦ ᠠᠵᠤ ᠠᠬᠤᠶᠢᠯᠠᠯ᠂ ᠬᠤᠪᠢ ᠶᠢᠨ ᠡᠵᠡᠩᠨᠡᠯᠳᠦ ᠠᠵᠤ ᠠᠬᠤᠶᠢᠯᠠᠯ᠂ ᠳᠠᠭᠠᠳᠬᠠᠯ ᠤᠨ ᠺᠣᠮᠫᠠᠨᠢ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ 40 ᠭᠠᠷᠤᠶ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号