ᠰᠠᠷ᠎ᠠ ᠰᠢᠨ᠎ᠡ ᠪᠠᠨ ᠤᠭᠲᠤᠬᠤ ᠰᠠᠶᠢᠬᠠᠨ ᠨᠠᠶᠢᠷ ᠶᠠᠪᠤᠭᠳᠠᠯ᠎ᠠ
ᠨᠡᠶᠢᠲᠡᠯᠡᠭᠰᠡᠨ ᠴᠠᠭ᠄
2024/12/30
 12 ᠰᠠᠷ᠎ᠠ ᠶᠢᠨ 28 ᠤ ᠡᠳᠦᠷ᠂ ᠲᠠᠶᠢᠹᠤᠰᠧ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠰᠣᠶᠣᠯ ᠤᠨ ᠣᠷᠳᠣᠨ᠂ ᠤᠯᠠᠭᠠᠨᠮᠥ᠋ᠴᠢᠷ᠂ ᠨᠣᠮ ᠤᠨ ᠰᠠᠩ᠂ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠺᠣᠮᠫᠠᠨᠢ ᠠᠴᠠ ᠳᠠᠭᠠᠭᠠᠴᠢᠯᠠᠨ ᠡᠷᠭᠢᠯᠡᠭᠰᠡᠨ ᠰᠢᠨ᠎ᠡ ᠤᠨ ᠢᠶᠠᠨ ᠤᠭᠲᠤᠬᠤ ᠭᠤᠤᠯ ᠰᠡᠳᠦᠪᠲᠦ ᠠᠵᠢᠯᠯᠠᠭ᠎ᠠ ᠰᠣᠶᠣᠯ ᠤᠨ ᠲᠠᠯᠠᠪᠠᠶ ᠳᠤ ᠶᠠᠪᠤᠭᠳᠠᠵᠠᠢ᠃ ᠬᠤᠰᠢᠭᠤᠨ ᠤ ᠤᠳᠤᠷᠢᠳᠤᠯᠭ᠎ᠠ ᠡᠤ ᠭᠤᠸᠠᠩ ᠹᠧᠩ᠂ ᠵᠠᠩ ᠸᠧᠨ ᠴᠠᠩ᠂ ᠢᠦᠶ ᠴᠧᠩ ᠭᠦᠸᠧ ᠠᠵᠢᠯᠯᠠᠭ᠎ᠠ ᠳᠤ ᠣᠷᠣᠯᠴᠠᠭᠰᠠᠨ ᠪᠥᠭᠡᠳ ᠭᠤᠤᠯ ᠰᠡᠳᠦᠪᠲᠦ ᠠᠵᠢᠯᠯᠠᠭᠠᠨ ᠤ ᠬᠥᠰᠢᠭᠡ ᠶᠢ ᠰᠡᠬᠦᠪᠡ᠃  ᠠᠬᠤᠢ ᠲᠠᠯᠠᠪᠠᠢ ᠳᠤ᠂  ᠦᠨᠳᠦᠰᠦᠲᠡᠨ ᠤ ᠬᠤᠪᠴᠠᠰᠤ ᠵᠠᠰᠠᠯ ᠤᠨ ᠦᠵᠡᠬᠦᠯᠬᠡ᠂ ᠤᠯᠠᠭᠠᠨᠮᠥ᠋ᠴᠢᠷ ᠤᠨ ᠲᠣᠭᠯᠠᠯᠲᠠ᠂ ᠲᠦᠳᠡᠭ ᠭᠠᠯ ᠤᠨ ᠦᠳᠡᠰᠢᠯᠡᠭᠡ  ᠂  ᠱᠠᠩᠨᠠᠯᠳᠤ ᠰᠤᠭᠤᠯᠤᠭ᠎ᠠ ᠵᠡᠷᠭᠡ ᠶᠢ ᠪᠡᠯᠡᠳᠭᠡᠭᠰᠡᠨ ᠠᠴᠠ ᠭᠠᠳᠠᠨ᠎ᠠ ᠣᠨᠴᠠ ᠭᠠᠷᠤᠯᠲᠠ ᠶᠢᠨ ᠦᠵᠡᠭᠦᠯᠭᠡ ᠶᠢᠨ ᠲᠣᠭᠤᠷᠢᠭ ᠭᠠᠷᠭᠠᠵᠤ᠂  ᠲᠠᠯ᠎ᠠ ᠨᠤᠲᠤᠭ ᠤᠨ ᠬᠠᠷ᠎ᠠ ᠠᠷᠢᠬᠢ᠂  ᠬᠤᠩ ᠵᠢᠩ ᠶᠤᠸᠠᠨ ᠢᠳᠡᠰᠢᠨ ᠲᠤᠰᠤ᠂ ᠵᠤᠬᠢᠶᠠᠮᠠᠯ ᠠᠯᠮᠠᠰ᠂ ᠨᠤᠶᠢᠯ ᠪᠤᠳᠠᠭ᠎ᠠ᠂ ᠬᠠᠳᠠᠭᠠᠭᠰᠠᠨ ᠪᠤᠷᠴᠠ᠂ ᠴᠠᠭᠠᠨ ᠢᠳᠡᠭᠡᠨ ᠵᠡᠷᠭᠡ ᠲᠠᠶᠢᠹᠤᠰᠧ ᠨᠤᠲᠤᠭ ᠤᠨ  ᠢᠶᠠᠨ ᠴᠢᠨᠠᠷ ᠰᠠᠶᠢᠲᠠᠶ ᠭᠠᠷᠤᠯᠳᠠ ᠪᠦᠳᠦᠭᠡᠭᠳᠡᠬᠦᠨ ᠢ ᠳᠡᠯᠭᠡᠨ ᠦᠵᠡᠬᠦᠯᠦᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号