ᠲᠠᠶᠢᠹᠤᠰᠧ ᠬᠤᠰᠢᠭᠤᠨ ᠤ ᠨᠠᠮ ᠤᠨ ᠭᠠᠳᠠᠨᠠᠬᠢ ᠰᠡᠭᠡᠭᠡᠳᠡᠳ ᠤᠨ ᠬᠤᠯᠪᠤᠭᠠᠨ ᠤ ᠭᠡᠷᠡᠭ ᠡᠷᠬᠢᠯᠡᠭᠴᠢᠳ ᠎ ᠤᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2024/12/31
 12 ᠰᠠᠷ᠎ᠠ ᠶᠢᠨ 28᠎ ᠤ ᠡᠳᠦᠷ᠂ ᠲᠠᠶᠢᠹᠤᠰᠧ ᠬᠤᠰᠢᠭᠤᠨ ᠤ ᠨᠠᠮ ᠤᠨ ᠭᠠᠳᠠᠨᠠᠬᠢ ᠰᠡᠬᠡᠭᠡᠲᠡᠳ ᠤᠨ ᠬᠤᠯᠪᠤᠭ᠎ᠠ ᠎ ᠨᠢ ᠬᠡᠷᠡᠭ ᠡᠷᠬᠢᠯᠡᠭᠴᠢᠳ ᠤᠨ ᠬᠤᠷᠠᠯ ᠵᠢᠴᠢ 2024 ᠣᠨ ᠤ ᠠᠵᠢᠯ ᠤᠨ ᠳ᠋ᠦᠩᠨᠡᠯᠲᠡ ᠶᠢᠨ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠ ᠨᠠᠮ ᠤᠨ ᠭᠠᠳᠠᠨᠠᠬᠢ ᠰᠡᠬᠡᠭᠡᠲᠡᠳ ᠤᠨ ᠬᠤᠯᠪᠤᠭᠠᠨ ᠤ ᠬᠡᠷᠡᠭ ᠡᠷᠬᠢᠯᠡᠭᠴᠢᠳ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠬᠤᠰᠢᠭᠤᠨ ᠤ ᠱᠠᠰᠢᠨ ᠰᠤᠷᠲᠠᠬᠤᠨ ᠤ ᠬᠡᠷᠡᠭ ᠡᠷᠭᠢᠯᠡᠬᠦ ᠲᠤᠪᠴᠢᠶᠠᠨ ᠤ ᠳᠠᠷᠤᠭ᠎ᠠ ᠳ᠋ᠤᠸᠠᠨ ᠯᠢ ᠨᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠨᠠᠮ ᠤᠨ ᠭᠠᠳᠠᠨᠠᠬᠢ ᠬᠥᠮᠦᠰ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ᠬᠤᠰᠢᠭᠤᠨ ᠤ ᠨᠠᠮ ᠤᠨ ᠭᠠᠳᠠᠨᠠᠬᠢ ᠰᠡᠬᠡᠭᠡᠲᠡᠳ ᠤᠨ ᠬᠤᠯᠪᠤᠭᠠᠨ ᠤ ᠳᠠᠷᠤᠭ᠎ᠠ ᠯᠢ ᠶᠠ ᠯᠢ 2024 ᠣᠨ ᠤ ᠠᠵᠢᠯ ᠳᠤ ᠳ᠋ᠦᠩᠨᠡᠯᠳᠡ ᠬᠢᠵᠦ᠂ 2025 ᠣᠨ ᠤ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠬᠤᠷᠠᠯ ᠠᠴᠠ  ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠶᠢ ᠪᠦᠬᠦ ᠲᠠᠯ᠎ᠠ ᠪᠠᠷ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠰᠠᠨᠠᠭ᠎ᠠ ᠶᠢ ᠨᠢᠬᠳᠠᠷᠠᠭᠤᠯᠤᠨ ᠰᠦᠭ ᠰᠦᠨᠡᠰᠦ ᠶᠢ ᠱᠤᠭᠤᠵᠤ᠂ ᠦᠵᠡᠯ ᠰᠠᠨᠠᠭ᠎ᠠ ᠤᠨᠤᠯ ᠎ ᠤᠨ ᠵᠡᠪᠰᠡᠭᠯᠡᠯ ᠢ ᠴᠢᠩᠭᠠᠳᠬᠠᠨ᠂ ᠡᠬᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠣᠯᠤᠨ ᠶᠡᠷᠦᠩᠬᠡᠶᠢᠯᠡᠭᠰᠡᠨ ᠬᠡᠪ ᠴᠢᠨᠠᠷ ᠢᠶᠠᠨ ᠳᠡᠭᠡᠭᠰᠢᠯᠡᠭᠦᠯᠵᠦ᠂ ᠨᠠᠮ ᠤᠨ ᠭᠠᠳᠠᠨᠠᠬᠢ ᠰᠡᠬᠡᠭᠡᠲᠡᠳ ᠢ ᠨᠠᠮ ᠤᠨ ᠲᠣᠭᠤᠷᠢᠨ ᠳᠤ ᠨᠢᠭᠲᠠᠷᠠᠨ ᠪᠦᠯᠬᠦᠮᠳᠡᠭᠦᠯᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠠᠵᠢᠯᠯᠠᠭᠠᠨ ᠤ ᠲᠣᠭᠲᠠᠴᠠ ᠶᠢ ᠲᠡᠬᠦᠯᠳᠡᠷᠵᠢᠬᠦᠯᠦᠨ᠂ ᠴᠢᠳᠠᠪᠤᠷᠢᠲᠠᠨ ᠴᠤᠭᠯᠠᠷᠠᠭᠰᠠᠨ ᠳᠠᠪᠠᠭᠤᠯᠢᠭ ᠢᠶᠠᠨ ᠪᠠᠳᠠᠷᠠᠭᠤᠯᠵᠤ᠂ ᠨᠠᠮ ᠤᠨ ᠭᠠᠳᠠᠨᠠᠬᠢ ᠰᠢᠯᠢᠳᠡᠭ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠴᠢᠬᠤᠯᠠᠴᠢᠯᠠᠵᠤ᠂ ᠨᠠᠮ ᠤᠨ ᠭᠠᠳᠠᠨᠠᠬᠢ ᠰᠡᠭᠡᠭᠡᠳᠡᠳ ᠤᠨ ᠦᠰᠦᠯᠳᠡ ᠪᠤᠶᠢᠵᠢᠯᠲᠠ ᠳᠤ ᠨᠥᠬᠦᠴᠡᠯ ᠪᠦᠷᠢᠯᠳᠦᠭᠦᠯᠦᠨ᠂  ᠰᠡᠬᠡᠭᠡᠲᠡᠳ ᠤᠨ ᠬᠤᠯᠪᠤᠭᠠᠨ ᠤ ᠨᠡᠶᠢᠭᠡᠮ ᠤᠨ ᠨᠥᠯᠥᠭᠡᠯᠡᠬᠦ ᠬᠦᠴᠦᠨ ᠪᠠ ᠤᠷᠢᠶᠠᠯᠠᠬᠤ ᠬᠦᠴᠦᠨ ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠠᠰᠢᠭᠯᠠᠵᠤ᠂ ᠥᠷᠭᠡᠨ ᠤᠯᠠᠨ ᠬᠡᠷᠡᠭ ᠡᠷᠬᠢᠯᠡᠭᠴᠢᠳ ᠤᠨ  ᠠᠵᠢᠯ ᠬᠢᠵᠦ ᠦᠢᠯᠡᠰ ᠪᠦᠳᠦᠭᠡᠬᠦ  ᠢᠳᠡᠪᠬᠢᠴᠢ ᠴᠢᠨᠠᠷ ᠪᠠ ᠪᠦᠲᠦᠭᠡᠯᠴᠢ ᠴᠢᠨᠠᠷ ᠢ ᠲᠠᠶᠢᠴᠢᠯᠠᠨ᠂ ᠰᠡᠬᠡᠭᠡᠲᠡᠳ ᠤᠨ ᠬᠤᠯᠪᠤᠭᠠᠨ ᠤ ᠦᠢᠯᠡᠴᠢᠯᠡᠭᠡᠨ ᠤ ᠬᠦᠴᠦᠨ᠂ ᠰᠢᠨ᠎ᠡ ᠶᠢ ᠡᠭᠦᠳᠬᠦ ᠬᠦᠴᠦᠨ᠂ ᠵᠣᠬᠢᠶᠠᠨ ᠪᠠᠶᠢᠭᠤᠯᠬᠤ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠭᠠᠳᠠᠨᠠᠬᠢ ᠰᠡᠬᠡᠭᠡᠳᠡᠳ ᠤᠨ ᠨᠢᠭᠡᠳᠦᠮᠡᠯ ᠹᠷᠣᠨᠲ ᠤᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号