ᠴᠧᠨ ᠶᠠᠨ ᠪᠦᠦ ᠨᠠᠭᠤᠷ ᠭᠤᠤᠯ ᠢ ᠴᠠᠭᠳᠠᠨ ᠪᠠᠶᠢᠴᠠᠭᠠᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/12/4
  12 ᠰᠠᠷ᠎ᠠ ᠶᠢᠨ 3 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠪᠤᠤᠴᠠᠩ ᠭᠤᠤᠯ ᠲᠡᠭᠡᠷ᠎ᠡ ᠬᠦᠷᠴᠦ᠂  ᠭᠤᠤᠯ ᠤᠨ ᠶᠡᠷᠦᠩᠬᠡᠶᠢᠯᠡᠭᠰᠡᠨ ᠵᠠᠰᠠᠯᠲᠠ᠂ ᠣᠷᠴᠢᠨ ᠲᠣᠭᠤᠷᠢᠨ ᠤ ᠬᠠᠮᠠᠭᠠᠯᠠᠯᠳᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠠᠶᠢᠨ᠎ᠠ᠃ ᠴᠧᠨ ᠶᠠᠨ ᠪᠦᠦ ᠴᠢᠬᠤᠯᠠᠴᠢᠯᠠᠬᠤ ᠳᠠᠭᠠᠨ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾  ᠬᠡᠮᠡᠬᠦ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠬᠦ ᠬᠦᠢᠴᠡᠳᠭᠡᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠳᠦᠷ ᠲᠤᠳᠤᠮ ᠤᠨ ᠪᠠᠶᠢᠴᠠᠭᠠᠯᠳᠠ ᠬᠠᠮᠢᠶᠠᠷᠤᠯᠳᠠ ᠶᠢᠨ ᠠᠵᠢᠯ ᠢ  ᠴᠢᠩᠭᠠᠳᠬᠠᠨ᠂  ᠭᠤᠣᠯ ᠭᠤᠷᠤᠬ᠎ᠠ ᠶᠢᠨ ᠠᠮᠢ ᠠᠬᠤᠢ ᠶᠢᠨ ᠴᠢᠳᠠᠮᠵᠢ ᠶᠢ ᠬᠠᠮᠠᠭᠠᠯᠠᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ᠃ ᠵᠠᠰᠠᠯᠳᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂   ᠬᠤᠭ ᠨᠣᠪᠰᠢ ᠣᠪᠣᠭᠠᠯᠠᠬᠤ᠂ ᠪᠣᠬᠢᠷᠲᠤᠯ ᠭᠠᠳᠠᠭᠰᠢᠯᠠᠭᠤᠯᠬᠤ ᠵᠡᠷᠭᠡ ᠠᠰᠠᠭᠤᠳᠠᠯ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠬᠦ ᠬᠡᠷᠡᠭᠲᠡᠢ᠃ ᠬᠠᠮᠳᠤᠷᠠᠭᠰᠠᠨ ᠵᠠᠰᠠᠯᠳᠠ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠭᠤᠤᠯ ᠤᠨ ᠳᠠᠷᠤᠭ᠎ᠠ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠨ ᠬᠢᠵᠦ᠂ ᠤᠰᠤᠨ ᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠬᠤ ᠶᠢ ᠠᠬᠢᠭᠤᠯᠤᠨ᠂  ᠴᠡᠪᠡᠷ ᠲᠤᠩᠭᠠᠯᠠᠭ ᠭᠤᠤᠯ ᠮᠦᠷᠡᠨ ᠤ ᠬᠠᠮᠠᠭᠠᠯᠠᠯᠳᠠ ᠶᠢᠨ ᠳᠠᠶᠢᠯᠠᠯᠳᠤᠭᠠᠨ ᠢ ᠰᠠᠶᠢᠨ ᠬᠢᠵᠦ  ᠠᠮᠵᠢᠯᠳᠠ ᠢᠯᠠᠯᠲᠠ ᠶᠢ ᠣᠯᠬᠤ ᠬᠡᠷᠡᠭᠲᠡᠢ ᠭᠡᠪᠡ᠃ ᠳ᠋ᠠᠢ ᡁᠢ ᠷᠦᠢ᠂ ᠯᠢᠦ ᠶᠠ ᠱᠧᠩ ᠵᠢᠴᠢ ᠬᠤᠰᠢᠭᠤᠨ ᠤ ᠤᠰᠤᠨ ᠠᠰᠢᠭᠯᠠᠯᠲᠠ ᠶᠢᠨ ᠲᠤᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠴᠠᠭᠳᠠᠨ ᠪᠠᠶᠢᠴᠠᠭᠠᠬᠤ ᠠᠵᠢᠯᠯᠠᠭ᠎ᠠ ᠳᠤ ᠤᠷᠤᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号