ᠡᠷᠡᠭᠦᠯ ᠪᠤᠯᠪᠠᠰᠤᠨ ᠡᠮᠬᠢ ᠲᠢᠭᠯᠡᠮ ᠲᠠᠢ ᠨᠡᠶᠢᠭᠡᠮ ᠰᠣᠶᠣᠯ ᠤᠨ ᠣᠷᠴᠢᠨ ᠲᠣᠭᠤᠷᠢᠨ ᠢ ᠪᠤᠢ ᠪᠣᠯᠭᠠᠵᠤ᠂ | ᠪᠦᠳᠦᠬᠦᠯᠢᠭ ᠵᠠᠩᠰᠢᠯ ᠢ ᠦᠬᠡᠷᠡᠴᠢᠯᠡᠨ᠂ ᠰᠢᠨ᠎ᠡ ᠬᠡᠪ ᠰᠤᠷᠲᠠᠯ ᠢ ᠪᠤᠢ ᠪᠣᠯᠭᠠᠬᠤ ᠶᠢᠨ ᠲᠥᠯᠥᠭᠡ᠂ ᠤᠶᠢᠷ᠎ᠠ ᠳᠤ | ᠭᠦᠨᠪᠤᠯᠠᠭ ᠰᠤᠮᠤ ᠨᠢ ︽ᠱᠠᠯᠢᠭ ᠵᠠᠪᠬᠠ᠊ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ | ᠠᠵᠢᠯ ᠤᠨ ᠬᠤᠷᠠᠯ ᠬᠤᠷᠠᠯᠳᠤᠭᠤᠯᠪᠠ᠃ ᠰᠤᠮᠤᠨ ᠤ ᠤᠬᠠᠭᠤᠯᠬᠤ ᠭᠡᠰᠢᠭᠦᠨ ᠰᠤᠯᠤᠩᠭᠤᠸ᠎ᠠ ᠠᠴᠠ ︽ᠱᠠᠯᠢᠭ | ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠬᠠᠮᠢᠶ᠎ᠠ ᠪᠥᠬᠦᠶ ᠠᠵᠢᠯ ᠢ | ᠳᠣᠭᠢᠷᠠᠭᠤᠯᠤᠨ ᠪᠠᠶᠢᠷᠢᠯᠠᠭᠤᠯᠵᠤ᠂ ᠰᠤᠮᠤᠨ ᠤ ᠤᠳᠤᠷᠢᠳᠬᠤ ᠪᠠᠭ ᠤᠨ ᠭᠡᠰᠢᠬᠦᠳ᠂ ᠡᠯ᠎ᠡ ᠭᠠᠴᠠᠭᠠᠨ ᠤ ᠨᠠᠮ ᠤᠨ | ᠡᠭᠦᠷ ᠤᠨ ᠱᠦᠵᠢ᠂ ᠳᠡᠳ᠋ ᠱᠦᠵᠢ᠂ ᠲᠠᠩᠰᠠ ᠮᠡᠳᠡᠭᠦᠯᠦᠭᠴᠢ ᠨᠠᠷ ᠬᠤᠷᠠᠯ ᠳᠤ ᠣᠷᠣᠯᠴᠠᠵᠠᠶ᠃ ᠬᠤᠷᠠᠯ ᠳᠡᠭᠡᠷ᠎ᠡ ︽ | ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ | ᠢᠯᠡᠴᠢᠯᠡᠨ ᠮᠡᠳᠡᠬᠦᠯᠦᠭᠰᠡᠳ ᠢ ᠱᠠᠩᠨᠠᠨ ᠵᠤᠷᠢᠬᠵᠢᠭᠤᠯᠬᠤ ᠠᠷᠭ᠎ᠠ ᠶᠢ ᠤᠯᠠᠮᠵᠢᠯᠠᠨ ᠰᠤᠷᠤᠯᠴᠠᠭᠰᠠᠨ ᠪᠠᠶᠢᠨ᠎ᠠ᠃ | ᠬᠤᠷᠠᠯ ᠠᠴᠠ᠂ ᠡᠯ᠎ᠡ ᠭᠠᠴᠠᠭᠠᠨ ᠤ ᠬᠢᠨ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ︽ | ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠡᠭᠦᠷᠭᠡ | ᠬᠠᠷᠢᠭᠤᠴᠠᠯᠭ᠎ᠠ ᠶᠢ ᠬᠢᠨᠠᠮᠠᠭᠠᠢ ᠬᠦᠢᠴᠡᠳᠭᠡᠨ᠂ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ | ᠬᠡᠪᠯᠡᠭᠳᠡᠬᠦᠨ ᠳᠤ ᠴᠣᠬᠢᠯᠲᠠ ᠥᠭᠬᠦ︾ ᠡᠯ᠎ᠡ ᠲᠦᠷᠦᠯ ᠤᠨ ᠠᠵᠢᠯ ᠢ ᠭᠦᠨᠵᠡᠭᠡᠢ ᠠᠬᠢᠭᠤᠯᠵᠤ᠂ ᠬᠢᠨᠠᠨ ᠪᠠᠶᠢᠴᠠᠭᠠᠬᠤ | ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠤᠣᠷ | ᠬᠥᠨᠥᠭᠡᠯ ᠲᠠᠢ ᠦᠵᠡᠯ ᠰᠠᠨᠠᠭ᠎ᠠ ᠶᠢ ᠪᠦᠲᠦᠮᠵᠢᠲᠡᠢ ᠬᠤᠷᠢᠭᠯᠠᠨ᠂ ᠥᠭᠡᠳᠡᠯᠡᠨ ᠲᠠᠪᠰᠢᠬᠤ ᠨᠡᠶᠢᠭᠡᠮ ᠰᠣᠶᠣᠯ ᠤᠨ | ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠬᠡᠵᠦ ᠴᠢᠬᠤᠯᠠᠴᠢᠯᠠᠪᠠ᠃ ᠲᠠᠷᠠᠭᠠᠴᠢ ᠪᠠᠷ᠂ ᠭᠦᠨᠪᠤᠯᠠᠭ ᠰᠤᠮᠤ ᠨᠢ | ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠡᠯ᠎ᠡ ᠲᠥᠷᠥᠯ ᠤᠨ | ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ | ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ᠂ ᠣᠶᠤᠨ ᠤ | ᠪᠣᠯᠪᠠᠰᠤᠨ ᠤ ᠪᠠᠶᠢᠭᠤᠯᠤᠯᠲᠠ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠯᠲᠠ ᠵᠡᠷᠭᠡ ᠠᠵᠢᠯ ᠲᠠᠢ ᠨᠢᠭᠲᠠ | ᠤᠶᠠᠯᠳᠤᠭᠤᠯᠤᠨ᠂ ᠬᠦᠴᠦᠷᠬᠡᠭ ᠶᠡᠭᠡ ᠬᠠᠮᠳᠤᠷᠠᠯ ᠤᠨ ᠬᠦᠴᠦᠨ ᠢ ᠪᠦᠷᠢᠯᠳᠦᠭᠦᠯᠵᠦ᠂ ᠪᠥᠬᠦ ᠰᠤᠮᠤᠨ ᠤ ᠦᠵᠡᠯ | ᠤᠬᠠᠮᠰᠠᠷ ᠤᠨ ᠬᠡᠯᠪᠡᠷᠢ ᠪᠠ ᠰᠣᠶᠣᠯ ᠤᠨ ᠬᠦᠷᠢᠶ᠎ᠡ ᠴᠠᠷᠠᠭᠠᠨ ᠤ ᠠᠮᠤᠷ ᠲᠣᠭᠲᠠᠭᠤᠨ ᠢ ᠪᠠᠳᠤᠯᠠᠬᠤ ᠪᠠᠷ ᠪᠠᠶᠢᠨ᠎ᠠ᠃ |