ᠲᠠᠶᠢᠹᠤᠰᠧ ᠬᠤᠰᠢᠭᠤ ︽ᠤᠯᠤᠰ ᠤᠨ ᠦᠨᠳᠦᠰᠦᠨ ᠬᠠᠤᠯᠢ ᠶᠢᠨ ᠡᠳᠦᠷ︾᠎ ᠤᠨ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2024/12/5
  ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠦᠨᠳᠦᠰᠦᠨ ᠬᠠᠤᠯᠢ ᠶᠢᠨ ᠡᠷᠬᠡ ᠰᠦᠷ ᠢ ᠢᠯᠡᠷᠡᠭᠦᠯᠵᠦ᠂ ᠪᠥᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠣᠶᠢᠯᠠᠭᠠᠭᠳᠠᠬᠤᠨ ᠢ ᠭᠦᠨᠵᠡᠭᠡᠶ ᠤᠬᠠᠭᠤᠯᠤᠨ᠂ ᠦᠨᠳᠦᠰᠦᠨ ᠬᠠᠤᠯᠢ ᠶᠢ ᠪᠥᠬᠦ ᠲᠠᠯ᠎ᠠ ᠪᠠᠷ ᠲᠤᠤᠱᠯᠠᠭᠤᠯᠤᠨ ᠬᠡᠷᠡᠭᠵᠢᠭᠦᠯᠬᠦ ᠶᠢ ᠠᠬᠢᠭᠤᠯᠬᠤ ᠶᠢᠨ ᠲᠥᠯᠥᠭᠡ᠂ 12 ᠰᠠᠷ᠎ᠠ ᠶᠢᠨ 4᠎ ᠤ ᠡᠳᠦᠷ ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂  ᠰᠢᠨ ᠬᠤᠸᠠ ᠨᠡᠶᠢᠬᠡᠮ ᠲᠤᠭᠤᠷᠢᠭ ᠨᠢ ᠬᠠᠮᠲᠤᠷᠠᠨ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ︾᠎ ᠪᠠᠷ ᠭᠤᠤᠯ ᠰᠡᠳᠦᠪ ᠪᠣᠯᠭᠠᠭᠰᠠᠨ ︽ᠤᠯᠤᠰ ᠤᠨ ᠦᠨᠳᠦᠰᠦᠨ ᠬᠠᠤᠯᠢ ᠶᠢᠨ ᠡᠳᠦᠷ︾᠎ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠡᠬᠢᠯᠡᠬᠦ ᠳᠤ᠂  ᠤᠯᠠᠨ ᠢᠶᠠᠷ ᠢᠶᠠᠨ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ  ᠶᠠᠪᠤᠭᠤᠯᠤᠭᠰᠠᠨ ᠪᠦᠭᠡᠳ ᠰᠢᠨ ᠬᠤᠸᠠ ᠨᠡᠶᠢᠭᠡᠮ ᠲᠣᠭᠤᠷᠢᠭ ᠤᠨ ᠤᠷᠠᠯᠢᠭ ᠤᠨ ᠪᠦᠯᠬᠦᠮ ᠤᠨ ᠬᠢᠨ ᠤᠷᠠᠨ ᠭᠤᠴᠤ ᠲᠣᠭᠯᠠᠯᠲᠠ ᠭᠠᠷᠭᠠᠵᠤ᠂  ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠬᠡᠯᠪᠡᠷᠢ ᠪᠠᠷ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠬᠠᠤᠯᠢᠵᠢᠯ ᠤᠨ ᠣᠶᠢᠯᠠᠭᠠᠭᠳᠠᠬᠤᠨ ᠢ ᠤᠯᠠᠮᠵᠢᠯᠠᠵᠤ᠂ ᠬᠠᠤᠯᠢᠵᠢᠯ ᠤᠨ ᠬᠦᠴᠦᠨ ᠢ ᠲᠠᠮᠵᠢᠭᠤᠯᠤᠭᠰᠠᠨ ᠪᠠᠶᠢᠨ᠎ᠠ᠃ ᠠᠵᠢᠯᠯᠠᠭᠠᠨ ᠤ ᠶᠠᠪᠤᠴᠠ ᠳᠤ᠂ ᠪᠸᠢ ᠶᠤᠸᠠᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠨᠢᠦ ᠲᠦᠩ ᠴᠢᠩ ᠬᠠᠤᠯᠢᠴᠢ ᠠᠴᠠ ᠤᠯᠠᠨ ᠲᠦᠮᠡᠨ ᠳᠤ ᠬᠠᠤᠯᠢ ᠲᠦᠷᠢᠮ ᠤᠨ ᠲᠠᠶᠢᠯᠤᠮᠵᠢ ᠬᠢᠵᠦ᠂ ᠬᠠᠤᠯᠢ ᠶᠢᠨ ᠮᠡᠳᠡᠯᠭᠡ ᠶᠢ ᠲᠦᠭᠡᠮᠡᠯᠵᠢᠬᠦᠯᠦᠭᠰᠡᠨ ᠪᠦᠭᠡᠳ ᠡᠯ᠎ᠡ ᠰᠠᠯᠠᠭ᠎ᠠ ᠮᠦᠴᠢᠷ ᠤᠨ ᠠᠵᠢᠯᠲᠠᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ  ᠬᠡᠯᠪᠡᠷᠢ ᠪᠠᠷ ᠡᠯ᠎ᠡ ᠲᠥᠷᠥᠯ ᠤᠨ ᠬᠠᠤᠯᠢ ᠲᠦᠷᠢᠮ ᠤᠨ ᠤᠬᠠᠭᠤᠯᠭ᠎ᠠ ᠶᠢ ᠥᠷᠨᠢᠭᠦᠯᠵᠦ  ᠬᠠᠤᠯᠢ ᠪᠠᠷ ᠵᠠᠰᠠᠬᠤ ᠠᠭᠤᠷ ᠠᠮᠢᠰᠬᠤᠯ ᠢ ᠤᠯᠠᠮ ᠦᠳᠭᠡᠷᠡᠬᠦᠯᠪᠡ᠃    ᠽᠢ ᠶᠢᠨ ᠲᠠᠯᠠᠪᠠᠶ ᠶᠢᠨ ᠪᠥᠵᠢᠭ ᠤᠨ ᠠᠩᠭᠢ ᠶᠢᠨ ᠳᠠᠷᠤᠭ᠎ᠠ ᠯᠢᠦ ᠪᠦᠦ ᠬᠤᠸᠠ᠄ ︽ᠥᠨᠥᠳᠦᠷ  ᠤᠨ ᠠᠵᠢᠯᠯᠠᠭ᠎ᠠ ᠳᠤ ᠠᠵᠠ ᠪᠠᠷ ᠤᠷᠤᠯᠴᠠᠭᠠᠳ ᠮᠠᠰᠢ ᠣᠯᠠᠨ ᠦᠨᠳᠦᠰᠦᠨ ᠬᠠᠤᠯᠢ ᠶᠢᠨ ᠮᠡᠳᠡᠯᠭᠡ ᠪᠠ ᠬᠠᠤᠯᠢ  ᠲᠦᠷᠢᠮ ᠎ ᠤᠨ ᠮᠡᠳᠡᠯᠭᠡ ᠶᠢ ᠰᠤᠷᠴᠠᠢ᠂ ᠬᠤᠶᠢᠰᠢᠳᠠ ᠡᠳᠦᠷ ᠲᠤᠲᠤᠮ ᠤᠨ ᠠᠵᠢᠯ ᠤᠨ ᠳᠤᠮᠳᠠ ᠪᠠᠨ ᠪᠠᠰᠠ ᠬᠠᠤᠯᠢ ᠲᠦᠷᠢᠮ ᠎ ᠤᠨ ᠮᠡᠳᠡᠯᠭᠡ ᠶᠢ ᠢᠳᠡᠪᠬᠢᠲᠡᠶ ᠤᠬᠠᠭᠤᠯᠤᠨ ᠲᠦᠬᠡᠮᠡᠯᠵᠢᠬᠦᠯᠦᠨ᠎ᠡ︾  ᠃    ᠰᠢᠨ ᠬᠤᠸᠠ ᠨᠡᠶᠢᠬᠡᠮ  ᠲᠣᠭᠤᠷᠢᠭ ᠤᠨ ᠳᠡᠳ᠋ ᠱᠦᠵᠢ ᠡᠦ ᠯᠢ ᠵᠢᠶᠧ᠄ ︽ᠥᠨᠥᠳᠦᠷ ᠪᠣᠯ ᠤᠯᠤᠰ ᠤᠨ ᠦᠨᠳᠦᠰᠦᠨ ᠬᠠᠤᠯᠢ ᠶᠢᠨ ᠡᠳᠦᠷ ᠪᠣᠯᠤᠨ᠎ᠠ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠮᠠᠨ ᠤ ᠨᠡᠶᠢᠭᠡᠮ ᠲᠣᠭᠤᠷᠢᠭ ᠲᠤ ᠬᠠᠤᠯᠢ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠵᠦ᠂  ᠪᠢᠳᠡᠨ ᠳᠤ ᠦᠨᠳᠦᠰᠦᠨ ᠬᠠᠤᠯᠢ ᠪᠠ ᠬᠠᠤᠯᠢ ᠲᠦᠷᠢᠮ ᠤᠨ ᠬᠠᠮᠢᠶᠠᠳᠠᠢ ᠮᠡᠳᠡᠯᠭᠡ ᠶᠢ ᠬᠦᠷᠳᠡᠭᠡᠭᠰᠡᠨ ᠪᠠᠶᠢᠨ᠎ᠠ᠂  ᠬᠤᠶᠢᠰᠢᠳᠠ ᠪᠢᠳᠡ  ᠬᠠᠷᠢᠯᠴᠠᠭ᠎ᠠ ᠨᠡᠪᠳᠡᠷᠡᠯᠴᠡᠭᠡ ᠪᠠᠨ ᠤᠯᠠᠮ ᠴᠢᠩᠭᠠᠳᠬᠠᠵᠤ᠂ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠤᠬᠠᠮᠰᠠᠷ ᠢ ᠲᠡᠭᠡᠭᠰᠢᠯᠡᠬᠦᠯᠦᠨ᠂ ᠣᠯᠠᠨ ᠲᠦᠮᠡᠨ ᠤ ᠬᠠᠤᠯᠢ ᠶᠢᠨ ᠵᠡᠪᠰᠡᠭ ᠢ ᠭᠡᠷᠡᠭᠯᠡᠵᠦ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠪᠡᠶᠡᠯᠡᠬᠦᠯᠦᠨ᠎ᠡ︾  ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号