ᠲᠠᠶᠢᠹᠤᠰᠧ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠭᠦᠢᠴᠡᠳᠬᠡᠬᠦ ᠵᠥᠪᠯᠡᠯ ᠤᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2024/12/5
  12 ᠰᠠᠷ᠎ᠠ ᠶᠢᠨ 4᠎ ᠤ ᠡᠳᠦᠷ᠂ ᠲᠠᠶᠢᠹᠤᠰᠧ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠤᠭᠠᠳᠤ ᠬᠤᠷᠠᠯ ︵ᠬᠤᠳᠠᠯᠳᠤᠭᠠᠴᠢᠳ ᠤᠨ ᠶᠡᠷᠦᠩᠬᠡᠢ ᠡᠪᠯᠡᠯ︶᠎ ᠤᠨ ᠠᠷᠪᠠᠨ ᠭᠤᠷᠪᠠᠳᠤᠭᠠᠷ ᠬᠤᠭᠤᠴᠠᠭᠠᠨ ᠤ ᠭᠦᠢᠴᠡᠳᠬᠡᠬᠦ ᠵᠦᠪᠯᠡᠯ ᠤᠨ ᠭᠤᠷᠪᠠᠳᠤᠭᠠᠷ ᠬᠤᠷᠠᠯᠳᠤᠭᠠᠨ ᠠᠮᠵᠢᠯᠳᠠᠳᠠᠢ ᠬᠤᠷᠠᠯᠳᠤᠪᠠ᠃ ᠡᠨᠡ ᠤᠳᠠᠭᠠᠨ ᠤ ᠬᠤᠷᠠᠯ ᠳᠤ ᠤᠷᠤᠯᠴᠠᠬᠤ ᠶᠤᠰᠤᠳᠠᠢ ᠭᠡᠰᠢᠬᠦᠨ 90 ᠬᠦᠮᠦᠨ᠂ ᠤᠷᠤᠯᠴᠠᠭᠰᠠᠨ ᠭᠡᠰᠢᠬᠦᠨ 55 ᠬᠦᠮᠦᠨ ᠭᠡᠰᠢᠭᠦᠨ ᠪᠠᠶᠢᠵᠤ᠂ ᠬᠠᠮᠢᠶ᠎ᠠ ᠪᠦᠬᠦᠢ ᠲᠦᠷᠢᠮ ᠲᠣᠭᠲᠠᠭᠠᠯ ᠳᠤ ᠨᠡᠶᠢᠴᠡᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠡᠴᠡᠨᠴᠣᠭᠲᠤ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠳᠡᠳ᠋ ᠬᠤᠰᠢᠭᠤ ᠳᠠᠷᠤᠭ᠎ᠠ ᠤᠶᠤᠨᠴᠡᠴᠡᠭ ᠬᠤᠷᠠᠯ ᠳᠤ ᠣᠷᠣᠯᠴᠠᠵᠤ᠂ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠢᠦᠢ ᠴᠧᠩ ᠭᠦᠸᠧ ᠬᠤᠷᠠᠯ ᠢ ᠡᠷᠬᠢᠯᠡᠵᠡᠢ᠃  ᠬᠤᠷᠠᠯ ᠲᠡᠭᠡᠷ᠎ᠡ ᠲᠠᠶᠢᠹᠤᠰᠧ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ︵ᠬᠤᠳᠠᠯᠳᠤᠭᠠᠴᠢᠳ ᠤᠨ ᠶᠡᠷᠦᠩᠬᠡᠢ ᠡᠪᠯᠡᠯ︶᠎ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢ  ᠰᠤᠨᠤᠰᠴᠤ᠂ ᠠᠷᠪᠠᠨ ᠭᠤᠷᠪᠠᠳᠤᠭᠠᠷ ᠬᠤᠭᠤᠴᠠᠭᠠᠨ ᠤ ᠭᠦᠢᠴᠡᠳᠬᠡᠬᠦ ᠵᠥᠪᠯᠡᠯ ᠤᠨ ᠭᠡᠰᠢᠭᠦᠨ ᠢᠶᠠᠷ 7 ᠬᠦᠮᠦᠨ ᠢ ᠨᠡᠮᠡᠵᠦ ᠨᠦᠬᠦᠵᠦ ᠰᠤᠩᠭᠤᠭᠰᠠᠨ ᠪᠦᠭᠡᠳ ︽ᠲᠠᠶᠢᠹᠤᠰᠧ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ︵ᠬᠤᠳᠠᠯᠳᠤᠭᠠᠴᠢᠳ ᠤᠨ ᠶᠡᠷᠦᠩᠬᠡᠢ ᠡᠪᠯᠡᠯ︶᠎ ᠤᠨ ᠠᠷᠪᠠᠨ ᠭᠤᠷᠪᠠᠳᠤᠭᠠᠷ ᠬᠤᠭᠤᠴᠠᠭᠠᠨ ᠤ ᠭᠦᠢᠴᠡᠳᠬᠡᠬᠦ ᠵᠥᠪᠯᠡᠯ ᠤᠨ ᠭᠤᠷᠪᠠᠳᠤᠭᠠᠷ ᠬᠤᠷᠠᠯᠳᠤᠭᠠᠨ ᠤ ᠠᠵᠢᠯ ᠤᠨ ᠮᠡᠳᠡᠭᠦᠯᠦᠯᠲᠡ ᠶᠢᠨ ᠰᠢᠢᠳᠪᠦᠷᠢ︾᠎ ᠶᠢ ᠬᠢᠨᠠᠨ ᠵᠥᠪᠯᠡᠵᠦ ᠪᠠᠳᠤᠯᠠᠭᠰᠠᠨ ᠪᠠᠶᠢᠨ᠎ᠠ᠃ ᠬᠤᠷᠠᠯ ᠠᠴᠠ ᠡᠮᠦᠨ᠎ᠡ ᠪᠡᠯᠡᠳᠬᠡᠯ ᠬᠤᠷᠠᠯ ᠬᠤᠷᠠᠯᠳᠤᠭᠤᠯᠵᠤ᠂ ᠢᠦᠢ ᠴᠧᠩ ᠭᠦᠸᠧ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠭᠤᠣᠯ ᠰᠡᠳᠦᠪᠲᠦ ᠤᠬᠠᠭᠤᠯᠭ᠎ᠠ ᠲᠠᠶᠢᠯᠤᠮᠵᠢ  ᠬᠢᠭᠰᠡᠨ ᠪᠦᠭᠡᠳ ᠬᠤᠷᠠᠯ ᠤᠨ ᠳᠠᠷᠠᠭ᠎ᠠ ᠬᠡᠰᠡᠭ ᠪᠠᠩᠬᠢ ᠶᠢᠨ ᠬᠢᠨ ᠢ ᠤᠷᠢᠵᠤ ᠠᠵᠤ ᠠᠬᠤᠶᠢᠯᠠᠯ ᠳᠤ ᠠᠰᠢᠭ ᠬᠦᠷᠲᠡᠭᠡᠬᠦ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ᠂ ᠠᠵᠤ ᠠᠬᠤᠶᠢᠯᠠᠯ ᠪᠤᠯᠤᠨ ᠪᠠᠩᠬᠢ ᠳᠤ  ᠰᠣᠯᠢᠯᠴᠠᠭᠠᠨ ᠤ ᠲᠠᠪᠴᠠᠩ ᠪᠠᠶᠢᠭᠤᠯᠵᠤ ᠥᠭᠪᠡ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号