ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠦᠨᠳᠦᠰᠦᠨ ᠬᠠᠤᠯᠢ ᠶᠢᠨ ᠡᠷᠬᠡ ᠰᠦᠷ ᠢ | ᠢᠯᠡᠷᠡᠭᠦᠯᠵᠦ᠂ ᠪᠥᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠣᠶᠢᠯᠠᠭᠠᠭᠳᠠᠬᠤᠨ ᠢ ᠭᠦᠨᠵᠡᠭᠡᠶ ᠤᠬᠠᠭᠤᠯᠤᠨ᠂ | ᠦᠨᠳᠦᠰᠦᠨ ᠬᠠᠤᠯᠢ ᠶᠢ ᠪᠥᠬᠦ ᠲᠠᠯ᠎ᠠ ᠪᠠᠷ ᠲᠤᠤᠱᠯᠠᠭᠤᠯᠤᠨ ᠬᠡᠷᠡᠭᠵᠢᠭᠦᠯᠬᠦ ᠶᠢ ᠠᠬᠢᠭᠤᠯᠬᠤ ᠶᠢᠨ ᠲᠥᠯᠥᠭᠡ᠂ 12 | ᠰᠠᠷ᠎ᠠ ᠶᠢᠨ 4 ᠤ ᠡᠳᠦᠷ ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ᠂ ᠡᠪᠯᠡᠯ ᠤᠨ ᠬᠤᠷᠢᠶ᠎ᠠ᠂ | ᠡᠮᠡᠭᠲᠡᠶᠢᠴᠦᠳ ᠤᠨ ᠬᠤᠯᠪᠣᠭ᠎ᠠ᠂ ᠰᠢᠨ ᠬᠤᠸᠠ ᠨᠡᠶᠢᠬᠡᠮ ᠲᠤᠭᠤᠷᠢᠭ ᠨᠢ ᠬᠠᠮᠲᠤᠷᠠᠨ ︽ᠦᠨᠳᠦᠰᠦᠨ ᠬᠠᠤᠯᠢ ᠶᠢᠨ | ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ︾ ᠪᠠᠷ | ᠭᠤᠤᠯ ᠰᠡᠳᠦᠪ ᠪᠣᠯᠭᠠᠭᠰᠠᠨ ︽ᠤᠯᠤᠰ ᠤᠨ ᠦᠨᠳᠦᠰᠦᠨ ᠬᠠᠤᠯᠢ ᠶᠢᠨ ᠡᠳᠦᠷ︾ ᠤᠨ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠡᠬᠢᠯᠡᠬᠦ ᠳᠤ᠂ ᠤᠯᠠᠨ ᠢᠶᠠᠷ ᠢᠶᠠᠨ ᠦᠨᠳᠦᠰᠦᠨ ᠬᠠᠤᠯᠢ ᠳᠤ | ᠲᠠᠩᠭᠠᠷᠢᠭᠯᠠᠬᠤ ᠶᠣᠰᠣᠯᠠᠯ ᠶᠠᠪᠤᠭᠤᠯᠤᠭᠰᠠᠨ ᠪᠦᠭᠡᠳ ᠰᠢᠨ ᠬᠤᠸᠠ ᠨᠡᠶᠢᠭᠡᠮ ᠲᠣᠭᠤᠷᠢᠭ ᠤᠨ ᠤᠷᠠᠯᠢᠭ ᠤᠨ | ᠪᠦᠯᠬᠦᠮ ᠤᠨ ᠬᠢᠨ ᠤᠷᠠᠨ ᠭᠤᠴᠤ ᠲᠣᠭᠯᠠᠯᠲᠠ ᠭᠠᠷᠭᠠᠵᠤ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ | ᠬᠡᠯᠪᠡᠷᠢ ᠪᠠᠷ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠬᠠᠤᠯᠢᠵᠢᠯ ᠤᠨ ᠣᠶᠢᠯᠠᠭᠠᠭᠳᠠᠬᠤᠨ ᠢ | ᠤᠯᠠᠮᠵᠢᠯᠠᠵᠤ᠂ ᠬᠠᠤᠯᠢᠵᠢᠯ ᠤᠨ ᠬᠦᠴᠦᠨ ᠢ ᠲᠠᠮᠵᠢᠭᠤᠯᠤᠭᠰᠠᠨ ᠪᠠᠶᠢᠨ᠎ᠠ᠃ ᠠᠵᠢᠯᠯᠠᠭᠠᠨ ᠤ ᠶᠠᠪᠤᠴᠠ ᠳᠤ᠂ ᠪᠸᠢ | ᠶᠤᠸᠠᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠨᠢᠦ ᠲᠦᠩ ᠴᠢᠩ ᠬᠠᠤᠯᠢᠴᠢ ᠠᠴᠠ ᠤᠯᠠᠨ ᠲᠦᠮᠡᠨ ᠳᠤ | ᠬᠠᠤᠯᠢ ᠲᠦᠷᠢᠮ ᠤᠨ ᠲᠠᠶᠢᠯᠤᠮᠵᠢ ᠬᠢᠵᠦ᠂ ᠬᠠᠤᠯᠢ ᠶᠢᠨ ᠮᠡᠳᠡᠯᠭᠡ ᠶᠢ ᠲᠦᠭᠡᠮᠡᠯᠵᠢᠬᠦᠯᠦᠭᠰᠡᠨ ᠪᠦᠭᠡᠳ ᠡᠯ᠎ᠡ ᠰᠠᠯᠠᠭ᠎ᠠ | ᠮᠦᠴᠢᠷ ᠤᠨ ᠠᠵᠢᠯᠲᠠᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠬᠡᠯᠪᠡᠷᠢ ᠪᠠᠷ ᠡᠯ᠎ᠡ ᠲᠥᠷᠥᠯ ᠤᠨ ᠬᠠᠤᠯᠢ | ᠲᠦᠷᠢᠮ ᠤᠨ ᠤᠬᠠᠭᠤᠯᠭ᠎ᠠ ᠶᠢ ᠥᠷᠨᠢᠭᠦᠯᠵᠦ ᠬᠠᠤᠯᠢ ᠪᠠᠷ ᠵᠠᠰᠠᠬᠤ ᠠᠭᠤᠷ ᠠᠮᠢᠰᠬᠤᠯ ᠢ ᠤᠯᠠᠮ ᠦᠳᠭᠡᠷᠡᠬᠦᠯᠪᠡ᠃ | ᠽᠢ ᠶᠢᠨ ᠲᠠᠯᠠᠪᠠᠶ ᠶᠢᠨ ᠪᠥᠵᠢᠭ ᠤᠨ ᠠᠩᠭᠢ ᠶᠢᠨ ᠳᠠᠷᠤᠭ᠎ᠠ ᠯᠢᠦ ᠪᠦᠦ ᠬᠤᠸᠠ᠄ ︽ᠥᠨᠥᠳᠦᠷ ᠤᠨ | ᠠᠵᠢᠯᠯᠠᠭ᠎ᠠ ᠳᠤ ᠠᠵᠠ ᠪᠠᠷ ᠤᠷᠤᠯᠴᠠᠭᠠᠳ ᠮᠠᠰᠢ ᠣᠯᠠᠨ ᠦᠨᠳᠦᠰᠦᠨ ᠬᠠᠤᠯᠢ ᠶᠢᠨ ᠮᠡᠳᠡᠯᠭᠡ ᠪᠠ ᠬᠠᠤᠯᠢ ᠲᠦᠷᠢᠮ | ᠤᠨ ᠮᠡᠳᠡᠯᠭᠡ ᠶᠢ ᠰᠤᠷᠴᠠᠢ᠂ ᠬᠤᠶᠢᠰᠢᠳᠠ ᠡᠳᠦᠷ ᠲᠤᠲᠤᠮ ᠤᠨ ᠠᠵᠢᠯ ᠤᠨ ᠳᠤᠮᠳᠠ ᠪᠠᠨ ᠪᠠᠰᠠ ᠬᠠᠤᠯᠢ ᠲᠦᠷᠢᠮ | ᠤᠨ ᠮᠡᠳᠡᠯᠭᠡ ᠶᠢ ᠢᠳᠡᠪᠬᠢᠲᠡᠶ ᠤᠬᠠᠭᠤᠯᠤᠨ ᠲᠦᠬᠡᠮᠡᠯᠵᠢᠬᠦᠯᠦᠨ᠎ᠡ︾ ᠃ | ᠰᠢᠨ ᠬᠤᠸᠠ ᠨᠡᠶᠢᠬᠡᠮ ᠲᠣᠭᠤᠷᠢᠭ ᠤᠨ ᠳᠡᠳ᠋ ᠱᠦᠵᠢ ᠡᠦ ᠯᠢ ᠵᠢᠶᠧ᠄ ︽ᠥᠨᠥᠳᠦᠷ ᠪᠣᠯ ᠤᠯᠤᠰ ᠤᠨ | ᠦᠨᠳᠦᠰᠦᠨ ᠬᠠᠤᠯᠢ ᠶᠢᠨ ᠡᠳᠦᠷ ᠪᠣᠯᠤᠨ᠎ᠠ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠮᠠᠨ ᠤ | ᠨᠡᠶᠢᠭᠡᠮ ᠲᠣᠭᠤᠷᠢᠭ ᠲᠤ ᠬᠠᠤᠯᠢ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠵᠦ᠂ | ᠪᠢᠳᠡᠨ ᠳᠤ ᠦᠨᠳᠦᠰᠦᠨ ᠬᠠᠤᠯᠢ ᠪᠠ ᠬᠠᠤᠯᠢ ᠲᠦᠷᠢᠮ ᠤᠨ ᠬᠠᠮᠢᠶᠠᠳᠠᠢ ᠮᠡᠳᠡᠯᠭᠡ ᠶᠢ ᠬᠦᠷᠳᠡᠭᠡᠭᠰᠡᠨ ᠪᠠᠶᠢᠨ᠎ᠠ᠂ | ᠬᠤᠶᠢᠰᠢᠳᠠ ᠪᠢᠳᠡ ᠬᠠᠷᠢᠯᠴᠠᠭ᠎ᠠ ᠨᠡᠪᠳᠡᠷᠡᠯᠴᠡᠭᠡ ᠪᠠᠨ ᠤᠯᠠᠮ ᠴᠢᠩᠭᠠᠳᠬᠠᠵᠤ᠂ ᠬᠠᠷᠢᠶ᠎ᠠ ᠣᠷᠣᠨ ᠤ ᠪᠠᠨ | ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠤᠬᠠᠮᠰᠠᠷ ᠢ ᠲᠡᠭᠡᠭᠰᠢᠯᠡᠬᠦᠯᠦᠨ᠂ ᠣᠯᠠᠨ ᠲᠦᠮᠡᠨ ᠤ ᠬᠠᠤᠯᠢ ᠶᠢᠨ | ᠵᠡᠪᠰᠡᠭ ᠢ ᠭᠡᠷᠡᠭᠯᠡᠵᠦ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠪᠡᠶᠡᠯᠡᠬᠦᠯᠦᠨ᠎ᠡ︾ ᠃ |