ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ | ᠠᠷᠠᠳ ᠤᠨ ᠲᠥᠯᠥᠭᠡ ᠪᠣᠳᠠᠲᠠᠢ ᠠᠵᠢᠯ ᠬᠢᠵᠦ᠂ ᠠᠷᠠᠳ ᠣᠯᠠᠨ ᠤ ᠤᠯᠤᠯᠳᠠ ᠬᠦᠷᠲᠡᠮᠵᠢ ᠶᠢᠨ ᠲᠥᠷᠥᠭᠳᠡᠯ᠂ | ᠠᠵᠠ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ | ᠲᠥᠯᠥᠭᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠬᠤᠷᠢᠶ᠎ᠠ᠂ ᠲᠠᠶᠢᠹᠤᠰᠧ | ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ︿ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ | ᠵᠦᠢᠯ ᠢ ᠠᠷᠠᠳ ᠤᠨ ᠲᠥᠯᠥᠭᠡᠯᠡᠭᠴᠢ ᠶᠢᠨ ᠪᠢᠯᠧᠲ ᠪᠠᠷ ᠲᠤᠭᠳᠠᠭᠠᠬᠤ ᠳᠦᠷᠢᠮ ᠤᠨ ᠬᠡᠷᠡᠭᠵᠢᠭᠦᠯᠬᠦ ᠲᠦᠰᠦᠪ﹀ ᠢ | ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠡᠳᠦᠬᠡ 2025 ᠣᠨ ᠤ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠨᠡᠶᠢᠭᠡᠮ ᠨᠡᠶᠢᠳᠡ ᠠᠴᠠ ᠢᠯᠡ ᠪᠠᠷ ᠡᠯᠰᠡᠨ | ᠴᠤᠭᠯᠠᠭᠤᠯᠵᠤ ᠪᠤᠢ᠃ | ᠡᠯᠰᠡᠬᠦ ᠴᠠᠭ᠄ ᠲᠣᠰ ᠠᠯᠪᠠᠨ ᠵᠠᠷᠯᠠᠯ ᠢ ᠨᠡᠶᠢᠲᠡᠯᠡᠭᠰᠡᠨ ᠡᠳᠦᠷ ᠠᠴᠠ 12 ᠰᠠᠷ᠎ᠠ ᠶᠢᠨ 27 ᠤ ᠡᠳᠦᠷ | ᠪᠣᠯᠲᠠᠯ᠎ᠠ᠃ | ᠪᠠᠴᠢᠮ ᠬᠡᠷᠡᠭᠴᠡᠭᠡ ᠲᠠᠢ ᠲᠦᠷᠦᠯ ᠵᠦᠢᠯ᠂ ᠪᠣᠯᠪᠠᠰᠤᠷᠠᠩᠭᠤᠶ ᠲᠦᠷᠦᠯ ᠵᠦᠢᠯ ᠢ ᠤᠷᠢᠳᠠᠪᠠᠷ ᠡᠯᠰᠡᠬᠦ᠂ | ᠰᠢᠯᠢᠳᠡᠭ ᠤᠨ ᠳᠣᠲᠣᠷ᠎ᠠ ᠠᠴᠠ ᠰᠢᠯᠢᠳᠡᠭ ᠢ ᠰᠣᠩᠭᠤᠬᠤ ᠵᠠᠷᠴᠢᠮ ᠢ ᠦᠨᠳᠦᠰᠦᠯᠡᠨ᠂ ᠣᠯᠠᠨ ᠲᠦᠮᠡᠨ ᠤ ᠰᠠᠨᠠᠯ | ᠲᠤᠰᠬᠠᠯ ᠶᠡᠭᠡ᠂ ᠪᠠᠴᠢᠮ ᠰᠢᠢᠳᠪᠦᠷᠢᠯᠡᠬᠦ ᠴᠢᠬᠤᠯᠠᠲᠠᠶ ᠲᠦᠷᠦᠯ ᠵᠦᠢᠯ ᠵᠢᠴᠢ ᠪᠥᠬᠦ ᠬᠤᠰᠢᠭᠤᠨ ᠤ ᠠᠵᠤ ᠠᠬᠤᠶ | ᠨᠡᠶᠢᠭᠡᠮ ᠤᠨ ᠬᠥᠭᠵᠢᠯᠲᠡ ᠳᠤ ᠨᠡᠯᠢᠶᠡᠳ ᠶᠡᠭᠡ ᠨᠥᠯᠥᠭᠡ ᠲᠠᠢ ᠲᠦᠷᠦᠯ ᠵᠦᠢᠯ ᠢ ᠭᠤᠤᠯᠳᠠᠯᠭ᠎ᠠ ᠲᠠᠢ ᠰᠣᠩᠭᠤᠵᠤ᠂ | ᠲᠤᠬᠠᠶ ᠶᠢᠨ ᠵᠢᠯ ᠳᠤᠨᠢ ᠭᠡᠷᠡᠭᠵᠢᠬᠦᠯᠦᠨ᠂ ᠲᠤᠬᠠᠶ ᠶᠢᠨ ᠵᠢᠯ ᠳᠤᠨᠢ ᠦᠷ᠎ᠡ ᠠᠰᠢᠭ ᠭᠠᠷᠭᠠᠬᠤ ᠪᠠᠷ ᠴᠢᠷᠮᠠᠶᠢᠨ᠎ᠠ᠃ | ᠢᠯᠡ ᠪᠠᠷ ᠡᠯᠰᠡᠬᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠳᠤ ᠭᠤᠣᠯᠳᠠᠭᠤ᠄ | ᠠᠵᠢᠯ ᠤᠯᠭᠤᠬᠤ ᠪᠣᠯᠪᠠᠰᠤᠷᠠᠯ᠂ ᠰᠤᠷᠭᠠᠨ ᠬᠥᠮᠦᠵᠢᠯ ᠤᠨ ᠦᠢᠯᠡᠰ᠂ ᠡᠮ ᠡᠮᠨᠡᠯᠭᠡ ᠡᠷᠡᠭᠦᠯ ᠬᠠᠮᠠᠭᠠᠯᠠᠯ᠂ | ᠨᠡᠶᠢᠭᠡᠮ ᠤᠨ ᠪᠠᠲᠤᠯᠠᠭ᠎ᠠ᠂ ᠣᠷᠴᠢᠨ ᠲᠣᠭᠤᠷᠢᠨ ᠤ ᠵᠠᠰᠠᠯᠳᠠ᠂ ᠣᠷᠣᠨ ᠰᠠᠭᠤᠴᠠ ᠶᠢᠨ ᠪᠠᠲᠤᠯᠠᠭ᠎ᠠ᠂ ᠵᠠᠮ | ᠬᠠᠷᠢᠯᠴᠠᠭ᠎ᠠ᠂ ᠰᠣᠶᠣᠯ ᠤᠨ ᠪᠠᠶᠢᠭᠤᠯᠤᠯᠲᠠ᠂ ᠨᠠᠰᠤᠵᠢᠯ ᠤᠨ ᠠᠰᠠᠷᠠᠮᠵᠢ ᠂ ᠡᠪᠡᠳᠴᠢᠨ ᠬᠢᠵᠢᠭ ᠰᠡᠷᠭᠡᠶᠢᠯᠡᠨ | ᠡᠵᠡᠮᠳᠡᠬᠦ᠂ ᠬᠤᠳᠠ ᠶᠢᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠶᠤᠯᠬᠦᠢ | ᠤᠰᠤ ᠤᠮᠳᠠ᠂ ᠴᠠᠬᠢᠯᠭᠠᠨ ᠬᠦᠴᠦᠨ ᠤ ᠪᠠᠲᠤᠯᠠᠭ᠎ᠠ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠠᠵᠤ | ᠦᠢᠯᠡᠰ ᠤᠨ ᠬᠥᠭᠵᠢᠯᠲᠡ ᠵᠡᠷᠭᠡ ᠬᠦᠷᠢᠶ᠎ᠡ ᠴᠠᠷᠠᠭ᠎ᠠ ᠶᠢ ᠪᠠᠭᠲᠠᠭᠠᠨ᠎ᠠ᠃ | ᠤᠯᠠᠨ ᠲᠦᠮᠡᠨ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ ᠳᠤ ᠭᠠᠷᠴᠤ᠂ ᠲᠤᠰ | ᠮᠡᠳᠡᠭᠳᠡᠯ ᠤᠨ ᠬᠢᠳᠠᠳ ᠬᠡᠪᠯᠡᠯ ᠢ ᠤᠯᠵᠤ ᠬᠦᠰᠦᠨᠦᠭᠳᠦ ᠶᠢ ᠲᠠᠭᠯᠠᠭᠠᠷᠠᠢ︕ | ᠲᠠ ᠪᠦᠬᠦᠨ ᠤ ᠢᠳᠡᠪᠬᠢᠳᠡᠢ ᠤᠷᠤᠯᠴᠠᠵᠤ᠂ ᠲᠠᠶᠢᠹᠤᠰᠧ ᠬᠤᠰᠢᠭᠤᠨ ᠤ ᠪᠠᠨ ᠠᠵᠤ ᠠᠬᠤᠢ ᠨᠡᠶᠢᠬᠡᠮ ᠤᠨ | ᠬᠦᠭᠵᠢᠯᠳᠡ ᠳᠤ ᠠᠷᠭ᠎ᠠ ᠪᠤᠳᠤᠯᠭ᠎ᠠ ᠪᠠᠨ ᠲᠡᠪᠰᠢᠬᠦᠯᠬᠦ ᠶᠢ ᠬᠦᠰᠡᠵᠦ ᠪᠠᠶᠢᠨ᠎ᠠ᠃ |