ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠠᠶᠢᠨ ᠳᠤᠷ᠎ᠠ ᠶᠢᠨ | ᠦᠢᠯᠡᠴᠢᠯᠡᠭᠡ ᠶᠢᠨ ᠲᠤᠬᠠᠢ ᠴᠢᠬᠤᠯᠠ ᠦᠬᠦᠯᠡᠯᠳᠡ ᠶᠢ ᠨᠠᠶᠢᠳᠠᠪᠤᠷᠢᠵᠢᠭᠤᠯᠤᠨ᠂ ︽ᠨᠡᠮᠡᠷᠢ ᠬᠠᠨᠳᠢᠪᠯᠠᠬᠤ᠂ | ᠨᠦᠬᠦᠷᠯᠡᠨ ᠪᠦᠯᠬᠦᠮᠳᠡᠬᠦ᠂ ᠬᠠᠷᠢᠯᠴᠠᠨ ᠬᠠᠪᠰᠤᠷᠤᠯᠴᠠᠬᠤ᠂ ᠬᠠᠮᠳᠤ ᠪᠠᠷ ᠲᠠᠪᠰᠢᠬᠤ︾ ᠰᠠᠶᠢᠨ ᠳᠤᠷ᠎ᠠ ᠶᠢᠨ | ᠦᠢᠯᠡᠴᠢᠯᠡᠭᠡᠨ᠋ ᠤ ᠵᠣᠷᠢᠭ ᠰᠠᠨᠠᠭ᠎ᠠ ᠶᠢ ᠤᠯᠠᠮ ᠪᠠᠳᠠᠷᠠᠭᠤᠯᠬᠤ ᠶᠢᠨ ᠲᠦᠯᠦᠭᠡ᠂ ᠭᠤᠴᠢ ᠶᠢᠰᠦᠳᠡᠬᠢ ︽ᠣᠯᠠᠨ | ᠤᠯᠤᠰ ᠤᠨ ᠰᠠᠶᠢᠨ ᠲᠤᠷᠠᠳᠠᠨ ᠤ ᠡᠳᠦᠷ︾ ᠬᠦᠷᠴᠦ ᠢᠷᠡᠬᠦ ᠲᠠᠰᠢᠷᠠᠮ ᠢᠶᠠᠷ᠂ ᠲᠠᠶᠢᠹᠤᠰᠧ ᠬᠤᠰᠢᠭᠤᠨ ᠤ | ᠡᠪᠯᠡᠯ ᠤᠨ ᠬᠤᠷᠢᠶ᠎ᠠ ᠨᠢ ᠪᠤᠤᠴᠠᠩ ᠪᠠᠯᠭᠠᠰᠤᠨ ᠤ ᠲᠠᠢ ᠫᠢᠩ ᠨᠡᠶᠢᠭᠡᠮ ᠲᠣᠭᠤᠷᠢᠭ ᠲᠤ ᠬᠦᠨᠵᠡᠬᠡᠶᠢᠷᠡᠵᠦ ︽ᠰᠠᠶᠢᠨ | ᠳᠤᠷ᠎ᠠ ᠶᠢᠨ ᠵᠤᠷᠢᠭ ᠰᠠᠨᠠᠭ᠎ᠠ ᠶᠢ ᠪᠠᠳᠠᠷᠠᠭᠤᠯᠵᠤ ᠰᠠᠶᠢᠨ ᠰᠠᠶᠢᠬᠠᠨ ᠠᠵᠤ ᠠᠮᠢᠳᠤᠷᠠᠯ ᠢᠶᠠᠨ ᠴᠣᠭᠴᠠᠯᠠᠬᠤ︾ ᠭᠤᠤᠯ | ᠰᠡᠳᠦᠪᠲᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ ᠠᠵᠢᠯᠯᠠᠭᠠᠨ ᠤ ᠳᠤᠮᠳᠠ᠂ ᠵᠠᠯᠠᠭᠤ | ᠰᠠᠶᠢᠨ ᠲᠤᠷᠠᠳᠠᠳ ᠠᠴᠠ ᠠᠮᠢᠳᠤᠷᠠᠯ ᠨᠢ ᠬᠦᠴᠢᠷᠳᠡᠯᠳᠡᠢ ᠰᠠᠭᠤᠭᠠᠯᠢ ᠠᠷᠠᠳ ᠲᠤ ᠰᠦ᠂ ᠭᠤᠯᠢᠷ ᠵᠡᠷᠭᠡ | ᠲᠣᠬᠤᠨᠢᠭᠤᠯᠬᠤ ᠪᠣᠳᠠᠰ ᠢ ᠬᠦᠷᠭᠡᠭᠰᠡᠨ ᠤ ᠬᠠᠮᠲᠤ᠂ ᠪᠡᠶ᠎ᠡ ᠶᠢᠨ ᠡᠷᠡᠭᠦᠯ ᠮᠡᠨᠳᠦ ᠪᠤᠯᠤᠨ ᠠᠮᠢᠳᠤᠷᠠᠯ ᠤᠨ | ᠱᠠᠭᠠᠷᠳᠠᠯᠭ᠎ᠠ ᠬᠡᠷᠡᠭᠴᠡᠭᠡ ᠶᠢ ᠨᠢ ᠨᠠᠷᠢᠨ ᠨᠢᠮᠪᠠᠶ ᠯᠠᠪᠯᠠᠨ ᠠᠰᠠᠭᠤᠵᠤ᠂ ᠪᠣᠳᠠᠲᠤ ᠠᠵᠢᠯᠯᠠᠭ᠎ᠠ ᠪᠠᠷ ᠢᠶᠠᠨ ᠶᠠᠳᠠᠭᠤ | ᠬᠦᠴᠢᠷᠳᠡᠯᠲᠡᠢ ᠭᠡᠷ ᠪᠦᠯᠢ ᠳᠤ ᠪᠣᠳᠠᠰ ᠤᠨ ᠲᠠᠯ᠎ᠠ ᠶᠢᠨ ᠲᠤᠰᠠᠯᠠᠮᠵᠢ ᠬᠠᠩᠭᠠᠭᠰᠠᠨ ᠪᠦᠭᠡᠳ ᠤᠶᠤᠨ ᠰᠠᠨᠠᠭᠠᠨ ᠤ | ᠲᠠᠶᠢᠳᠬᠤᠷᠠᠭᠤᠯᠤᠯ ᠤᠯᠭᠤᠵᠤ᠂ ᠨᠡᠶᠢᠭᠡᠮ ᠤᠨ ᠶᠡᠭᠡ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠮᠡᠳᠡᠷᠡᠬᠦᠯᠵᠡᠢ᠃ | ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠡᠪᠯᠡᠯ ᠤᠨ ᠬᠤᠷᠢᠶ᠎ᠠ ᠨᠢ ᠵᠣᠬᠢᠶᠠᠨ ᠪᠠᠶᠢᠭᠤᠯᠬᠤ ᠪᠠ | ᠲᠠᠶᠢᠴᠢᠯᠠᠨ ᠲᠠᠭᠠᠭᠤᠯᠬᠤ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ | ᠤᠬᠠᠮᠰᠠᠷ ᠢ ᠤᠯᠠᠮ ᠭᠦᠨᠵᠡᠭᠡᠶᠢᠷᠡᠭᠦᠯᠦᠨ᠂ ᠦᠢᠯᠡᠴᠢᠯᠡᠭᠡᠨ ᠤ ᠬᠦᠷᠢᠶ᠎ᠡ ᠴᠠᠷᠠᠭ᠎ᠠ ᠪᠠᠨ ᠥᠷᠭᠡᠳᠬᠡᠵᠦ᠂ ᠤᠬᠠᠭᠤᠯᠭ᠎ᠠ | ᠶᠢᠨ ᠡᠷᠴᠢᠮ ᠢ ᠴᠢᠩᠭᠠᠷᠠᠭᠤᠯᠤᠨ᠂ ᠪᠥᠬᠦ ᠬᠤᠰᠢᠭᠤᠨ ᠤ ᠥᠷᠭᠡᠨ ᠣᠯᠠᠨ ᠵᠠᠯᠠᠭᠤ ᠰᠠᠶᠢᠨ ᠲᠤᠷᠠᠳᠠᠳ ᠢ ᠵᠤᠬᠢᠶᠠᠨ | ᠪᠠᠶᠢᠭᠤᠯᠵᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠶ ᠤᠷᠤᠯᠴᠠᠭᠤᠯᠤᠨ᠂ ᠰᠠᠶᠢᠨ | ᠳᠤᠷ᠎ᠠ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠠᠶᠢᠨ ᠰᠠᠶᠢᠬᠠᠨ ᠠᠵᠤ ᠠᠮᠢᠳᠤᠷᠠᠯ ᠢ ᠴᠣᠭᠴᠠᠯᠠᠬᠤ ᠪᠠᠷ ᠪᠠᠶᠢᠨ᠎ᠠ | |