12 ᠰᠠᠷ᠎ᠠ ᠶᠢᠨ 5 ᠤ ᠡᠳᠦᠷ ᠪᠣᠯ ︽ᠣᠯᠠᠨ ᠤᠯᠤᠰ ᠤᠨ ᠰᠠᠶᠢᠨ ᠲᠤᠷᠠᠳᠠᠳ ᠤᠨ ᠡᠳᠦᠷ︾ ᠪᠣᠯᠣᠨ᠎ᠠ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠬᠦᠴᠦᠨ ᠢ ᠨᠢᠭᠲᠠᠷᠠᠭᠤᠯᠤᠨ᠂ ︽ᠨᠡᠮᠡᠷᠢ ᠬᠠᠨᠳᠢᠪᠯᠠᠬᠤ᠂ ᠨᠦᠬᠦᠷᠯᠡᠨ ᠪᠦᠯᠬᠦᠮᠳᠡᠬᠦ᠂ ᠬᠠᠷᠢᠯᠴᠠᠨ | ᠬᠠᠪᠰᠤᠷᠤᠯᠴᠠᠬᠤ᠂ ᠬᠠᠮᠳᠤ ᠪᠠᠷ ᠲᠠᠪᠰᠢᠬᠤ︾ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠬᠤ ᠶᠢᠨ | ᠲᠥᠯᠥᠭᠡ᠂ ᠬᠤᠰᠢᠭᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠨᠢ ᠣᠯᠠᠨ ᠰᠠᠯᠠᠭ᠎ᠠ ᠮᠥᠴᠢᠷ ᠪᠠ | ᠪᠠᠶᠢᠭᠤᠯᠭ᠎ᠠ ᠨᠢᠭᠡᠴᠡ ᠶᠢ ᠵᠤᠬᠢᠶᠠᠨ ᠪᠠᠶᠢᠭᠤᠯᠵᠤ᠂ ︽ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ | ᠰᠠᠶᠢᠨ ᠰᠠᠶᠢᠬᠠᠨ ᠠᠵᠤ ᠠᠮᠢᠳᠤᠷᠠᠯ ᠢ ᠴᠣᠭᠴᠠᠯᠠᠬᠤ ︾ ᠪᠠᠷ ᠭᠤᠣᠯ ᠰᠡᠳᠦᠪ ᠪᠣᠯᠭᠠᠭᠰᠠᠨ ᠰᠠᠶᠢᠨ ᠳᠤᠷ᠎ᠠ ᠶᠢᠨ | ᠦᠢᠯᠡᠴᠢᠯᠡᠭᠡᠨ ᠤ ᠭᠤᠣᠯ ᠰᠡᠳᠦᠪᠲᠦ ᠠᠵᠢᠯᠯᠠᠭ᠎ᠠ ᠶᠢ ᠬᠠᠮᠳᠤᠷᠠᠨ ᠥᠷᠨᠢᠭᠦᠯᠪᠡ᠃ ᠬᠤᠰᠢᠭᠤ ᠨᠠᠮ ᠤᠨ | ᠬᠤᠷᠢᠶᠠᠨ ᠤ ᠳᠡᠳ᠋ ᠱᠦᠵᠢ ᠳ᠋ᠠᠶ ᡁᠢ ᠷᠦᠢ ᠠᠵᠢᠯᠯᠠᠭ᠎ᠠ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠴᠦᠨ ᠭᠤᠸᠠᠩ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠽᠦᠸᠧ ᡁᠢ | ᠭᠦᠸᠧ ᠠᠵᠢᠯᠯᠠᠭ᠎ᠠ ᠳᠤ ᠣᠷᠣᠯᠴᠠᠵᠠᠶ᠃ ᠠᠵᠢᠯᠯᠠᠭᠠᠨ ᠤ ᠳᠤᠮᠳᠠ᠂ ᠪᠥᠬᠦ ᠬᠤᠰᠢᠭᠤᠨ ᠤ ᠡᠯ᠎ᠡ ᠡᠲᠡᠭᠡᠳ ᠤᠨ | ᠰᠠᠶᠢᠨ ᠲᠤᠷᠠᠳᠠᠳ ᠤᠨ ᠲᠦᠯᠦᠭᠡᠯᠡᠭᠴᠢ ᠨᠠᠷ ᠲᠤ ᠲᠣᠬᠤᠨᠢᠭᠤᠯᠬᠤ ᠪᠣᠳᠠᠰ ᠭᠠᠷᠳᠠᠭᠤᠯᠵᠤ᠂ ᠰᠢᠷᠭᠠᠭᠤ | ᠬᠠᠲᠠᠭᠤᠵᠢᠯᠲᠠᠶ ᠬᠤᠪᠢ ᠨᠡᠮᠡᠷᠢ ᠦᠵᠡᠭᠦᠯᠦᠭᠰᠡᠨ ᠰᠠᠶᠢᠨ ᠲᠤᠷᠠᠳᠠᠨ ᠨᠢᠭᠡᠪᠦᠷᠢ ᠳᠤ ᠪᠠᠶᠠᠷ ᠤᠨ ᠡᠳᠦᠷ ᠤᠨ | ᠮᠡᠨᠳᠦᠴᠢᠯᠡᠯ ᠲᠡᠪᠰᠢᠬᠦᠯᠦᠭᠰᠡᠨ ᠪᠦᠭᠡᠳ ᠡᠯ᠎ᠡ ᠡᠳᠡᠭᠡᠳ ᠠᠴᠠ ᠢᠷᠡᠭᠰᠡᠨ ᠰᠠᠶᠢᠨ ᠳᠤᠷ᠎ᠠ ᠶᠢᠨ ᠦᠢᠯᠡᠴᠢᠯᠡᠭᠴᠢᠳ | ᠡᠷᠡᠭᠦᠯ ᠮᠡᠨᠳᠦ ᠶᠢᠨ ᠲᠠᠶᠢᠯᠤᠮᠵᠢ ᠬᠢᠬᠦ᠂ ᠦᠨ᠎ᠡ ᠲᠦᠯᠦᠪᠦᠷᠢ ᠦᠬᠡᠢ ᠦᠰᠦ ᠵᠠᠰᠠᠬᠤ ᠂ ᠡᠷᠬᠢᠨ ᠦᠵᠡᠵᠦ | ᠬᠠᠯᠠᠮᠵᠢᠯᠠᠨ ᠲᠣᠬᠤᠨᠢᠭᠤᠯᠬᠤ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠬᠦᠯᠦᠭᠡᠳ᠂ ᠰᠠᠶᠢᠨ | ᠳᠤᠷ᠎ᠠ ᠶᠢᠨ ᠦᠢᠯᠡᠴᠢᠯᠡᠭᠴᠢ ᠶᠢᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠠ ᠬᠤᠪᠢ ᠨᠡᠮᠡᠷᠢ ᠦᠵᠡᠭᠦᠯᠬᠦ ᠵᠣᠷᠢᠭ | ᠰᠠᠨᠠᠭ᠎ᠠ ᠶᠢ ᠭᠦᠢᠴᠡᠳ ᠢᠯᠡᠷᠡᠬᠦᠯᠦᠭᠰᠡᠨ ᠪᠠᠶᠢᠨ᠎ᠠ᠃ ᠰᠠᠶᠢᠨ ᠳᠤᠷ᠎ᠠ ᠶᠢᠨ ᠦᠢᠯᠡᠴᠢᠯᠡᠭᠡ ᠪᠣᠯ ᠨᠡᠶᠢᠭᠡᠮ ᠤᠨ | ᠪᠣᠯᠪᠠᠰᠤᠨ ᠤ ᠲᠠᠪᠰᠢᠯᠳᠠ ᠶᠢᠨ ᠴᠢᠬᠤᠯᠠ ᠪᠡᠯᠭᠡ ᠲᠡᠮᠳᠡᠭ ᠪᠤᠯᠤᠨ᠎ᠠ᠃ ᠣᠶᠢᠷ᠎ᠠ ᠶᠢᠨ ᠵᠢᠯ ᠳᠤ ᠲᠠᠶᠢᠹᠤᠰᠧ | ᠬᠤᠰᠢᠭᠤ ᠨᠢ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠠᠰᠤᠷᠠᠯᠲᠠ ᠦᠭᠡᠢ ᠲᠡᠬᠦᠯᠳᠡᠷᠵᠢᠬᠦᠯᠦᠨ᠂ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠰᠢᠨ᠎ᠡ ᠴᠠᠭ ᠦᠶ᠎ᠡ ᠶᠢᠨ | ᠰᠠᠶᠢᠨ ᠳᠤᠷ᠎ᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ | ᠠᠬᠢᠭᠤᠯᠵᠤ ᠢᠷᠡᠪᠡ᠃ ᠲᠠᠷᠠᠭᠠᠴᠢ ᠪᠠᠷ᠂ ᠲᠤᠰ ᠬᠤᠰᠢᠭᠤ ᠨᠢ ᠡᠨᠡ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ | ᠪᠤᠯᠭᠠᠨ᠂ ᠰᠠᠶᠢᠨ ᠳᠤᠷ᠎ᠠ ᠶᠢᠨ ᠦᠢᠯᠡᠴᠢᠯᠡᠭᠡ ᠶᠢ ᠪᠠᠶᠢᠩᠭᠤᠵᠢᠭᠤᠯᠤᠨ ᠥᠷᠨᠢᠭᠦᠯᠵᠦ᠂ ᠰᠠᠶᠢᠨ ᠳᠤᠷ᠎ᠠ ᠶᠢᠨ | ᠦᠢᠯᠡᠴᠢᠯᠡᠭᠡ ᠶᠢ ᠡᠳᠦᠷ ᠲᠤᠲᠤᠮ ᠤᠨ ᠠᠮᠢᠳᠤᠷᠠᠯ ᠤᠨ ᠲᠤᠮᠳᠠ ᠠᠭᠤᠰᠤᠯᠴᠠᠭᠤᠯᠤᠨ᠂ ᠨᠡᠶᠢᠭᠡᠮ ᠳᠠᠶᠠᠭᠠᠷ ᠲᠤ | ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠬᠤ ᠪᠠᠷ ᠪᠠᠶᠢᠨ᠎ᠠ᠃ |