ᠲᠠᠶᠢᠹᠤᠰᠧ ᠬᠤᠰᠢᠭᠤᠨ ᠤ ᠬᠢᠨ  ︽ᠡᠮᠡᠭᠲᠡᠶᠢᠴᠦᠳ ᠬᠡᠦᠬᠡᠳ ᠪᠠᠭᠠᠴᠤᠳ ᠢ ᠬᠠᠶᠢᠷᠠᠯᠠᠨ ᠬᠠᠯᠠᠮᠵᠢᠯᠠᠬᠤ  ︾ ᠰᠠᠶᠢᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/12/9
   ᠶᠡᠷᠦᠩᠬᠡᠢ ᠱᠦᠵᠢ ᠰᠢ ᠶᠢᠨ ᠫᠢᠩ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠡᠨ ᠰᠡᠳᠬᠢᠯ ᠠᠴᠠ ᠪᠠᠨ ᠡᠮᠡᠭᠲᠡᠶᠢᠴᠦᠳ ᠬᠡᠦᠬᠡᠳ ᠪᠠᠭᠠᠴᠤᠳ ᠪᠠ ᠲᠡᠳᠡᠨ ᠤ ᠭᠡᠷ ᠪᠦᠯᠢ ᠳᠤ ᠪᠣᠳᠠᠲᠠᠢ ᠶᠠᠪᠤᠳᠠᠯ ᠬᠢᠬᠦ ᠵᠢᠭᠠᠪᠤᠷᠢ ᠶᠢ ᠨᠢᠮᠪᠠᠢ ᠨᠠᠶᠢᠳᠠᠪᠤᠷᠢᠵᠢᠭᠤᠯᠬᠤ ᠶᠢᠨ ᠲᠥᠯᠥᠭᠡ᠂ 12 · 5 ᠤ ︽ᠳᠡᠯᠡᠬᠡᠢ ᠶᠢᠨ ᠰᠠᠶᠢᠨ ᠲᠤᠷᠠᠳᠠᠳ ᠤᠨ ᠡᠳᠦᠷ︾  ᠢᠶᠠᠷ ᠲᠠᠶᠢᠹᠤᠰᠧ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ︽ᠡᠮᠡᠭᠲᠡᠶᠢᠴᠦᠳ ᠬᠡᠦᠬᠡᠳ ᠪᠠᠭᠠᠴᠤᠳ ᠢ ᠬᠠᠶᠢᠷᠠᠯᠠᠨ ᠬᠠᠯᠠᠮᠵᠢᠯᠠᠬᠤ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠲᠡᠷᠢᠭᠦᠯᠡᠭᠴᠢ ᠯᠢᠦ ᠵᠢᠩ ᠯᠢ ᠠᠴᠠ ᠨᠢᠭᠡ ᠵᠢᠯ ᠤᠨ ᠲᠤᠷᠰᠢ ᠰᠢᠷᠭᠠᠭᠤ ᠬᠠᠲᠠᠭᠤᠵᠢᠯᠲᠠᠶ ᠠᠵᠢᠯᠯᠠᠵᠤ ᠵᠢᠳᠬᠦᠭᠰᠡᠨ ᠥᠷᠭᠡᠨ ᠣᠯᠠᠨ ᠡᠮᠡᠭᠲᠡᠶ ᠰᠠᠶᠢᠨ ᠳᠤᠷ᠎ᠠ ᠶᠢᠨ ᠦᠢᠯᠡᠴᠢᠯᠡᠭᠴᠢᠳ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠲᠡᠪᠰᠢᠬᠦᠯᠦᠭᠰᠡᠨ ᠤ ᠬᠠᠮᠲᠤ᠂ ᠨᠡᠩ ᠤᠯᠠᠨ ᠨᠡᠶᠢᠭᠡᠮ ᠤᠨ ᠬᠦᠴᠦᠨ ᠢ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠡᠶ᠎ᠡ ᠵᠣᠬᠢᠴᠠᠩᠭᠤᠢ ᠨᠡᠶᠢᠭᠡᠮ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠬᠦᠳᠦᠭᠡᠢ  ᠬᠡᠵᠦ ᠤᠷᠢᠶᠠᠯᠠᠭᠰᠠᠨ ᠪᠠᠶᠢᠨ᠎ᠠ᠃ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠬᠢᠨ ᠬᠦᠴᠢᠷᠳᠡᠯ ᠳᠤ ᠲᠤᠯᠭᠠᠷᠠᠭᠰᠠᠨ ᠬᠡᠷ ᠪᠦᠯᠢ᠂ ᠬᠡᠷ ᠲᠡᠭᠡᠨ ᠬᠤᠴᠣᠷᠤᠭᠰᠠᠨ ᠨᠠᠰᠤᠲᠠᠶᠢᠴᠤᠳ ᠲᠤ ᠰᠦ᠂ ᠭᠤᠯᠢᠷ᠂ ᠰᠢᠬᠢᠷ ᠵᠡᠷᠭᠡ ᠲᠣᠬᠤᠨᠢᠭᠤᠯᠬᠤ ᠪᠣᠳᠠᠰ ᠢ ᠭᠠᠷᠳᠠᠭᠤᠯᠤᠭᠰᠠᠨ ᠪᠥᠭᠡᠳ ᠲᠡᠳᠡᠨ ᠲᠠᠢ ᠲᠤᠳᠤᠨᠤᠰᠤᠭ ᠢᠶᠠᠷ ᠵᠤᠭᠤᠭᠳᠠᠵᠤ᠂ ᠨᠠᠮ ᠵᠠᠰᠠᠭ ᠤᠨ  ᠬᠠᠶᠢᠷ᠎ᠠ ᠬᠠᠯᠠᠮᠵᠢ ᠶᠢ ᠲᠠᠮᠵᠢᠭᠤᠯᠤᠨ᠂ ᠨᠡᠶᠢᠭᠡᠮ ᠤᠨ ᠶᠡᠭᠡ ᠬᠡᠷ ᠪᠦᠯᠢ ᠶᠢᠨ ᠬᠠᠯᠠᠭᠤᠨ ᠳᠤᠯᠠᠭᠠᠨ ᠢ ᠮᠡᠳᠡᠷᠡᠬᠦᠯᠵᠡᠢ᠃ ᠲᠠᠷᠠᠭᠠᠴᠢ ᠪᠠᠷ᠂ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠨᠠᠩ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠨᠠᠷᠠᠲᠤ ᠲᠡᠮᠳᠡᠭ ᠢ ᠪᠣᠶ  ᠪᠤᠯᠭᠠᠨ᠂ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠤᠭ᠎ᠠ ᠶᠢ ᠵᠢᠯᠣᠭᠤᠳᠴᠤ ᠪᠠᠶᠢᠭᠠᠳ ᠤᠮᠠᠷᠠᠲᠤ ᠬᠢᠯᠢ ᠶᠢᠨ ᠡᠮᠡᠭᠳᠡᠢ ᠰᠠᠶᠢᠨ ᠲᠤᠷᠠᠳᠠᠳ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠡᠭᠲᠡᠶᠢᠴᠦᠳ ᠬᠡᠦᠬᠡᠳ ᠪᠠᠭᠠᠴᠤᠳ ᠲᠤ ᠪᠤᠳᠠᠳᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠤ ᠠᠵᠠ ᠵᠢᠷᠭᠠᠯ ᠤᠨ ᠲᠥᠷᠥᠭᠳᠡᠯ᠂ ᠤᠯᠤᠯᠳᠠ ᠬᠦᠷᠲᠡᠮᠵᠢ ᠶᠢᠨ ᠲᠥᠷᠥᠭᠳᠡᠯ ᠢ ᠲᠡᠭᠡᠭᠰᠢᠯᠡᠬᠦᠯᠬᠦ ᠪᠠᠷ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠡᠮᠡᠭᠲᠡᠶᠢᠴᠦᠳ ᠤᠨ ᠬᠤᠯᠪᠤᠭ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号