ᠲᠠᠶᠢᠹᠤᠰᠧ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠠᠴᠠ ᠪᠦᠭᠦ ᠬᠤᠰᠢᠭᠤᠨ ᠤ ᠠᠷᠠᠳ ᠤᠯᠠᠨ ᠳᠤ ᠢᠯᠡᠭᠡᠭᠰᠡᠨ ᠢᠯᠡ ᠵᠠᠬᠢᠳᠠᠯ
ᠨᠡᠶᠢᠲᠡᠯᠡᠭᠰᠡᠨ ᠴᠠᠭ᠄
2024/2/1
ᠥᠷᠭᠡᠨ ᠤᠯᠠᠨ ᠠᠷᠠᠳ ᠢᠷᠭᠡᠳ ᠲᠠ ᠪᠦᠬᠦᠨ ᠰᠠᠶᠢᠨ ᠪᠠᠶᠢᠵᠠᠭᠠᠨ᠎ᠠ ᠤᠤ︕    ᠤᠶᠢᠷ᠎ᠠ ᠳᠤ᠂  ᠬᠥᠬᠡᠬᠤᠲᠠ ᠶᠢᠨ ᠰᠢᠨ᠎ᠡ ᠬᠤᠳᠠ ᠲᠣᠭᠤᠷᠢᠭ ᠪᠤᠯᠤᠨ ᠵᠢᠶᠠᠩᠰᠢ ᠮᠤᠵᠢ   ᠶᠢᠨ ᠰᠢᠨ ᠢᠦᠢ ᠬᠤᠲᠠ᠂ ᠾᠧᠨᠠᠨ ᠮᠤᠵᠢ   ᠶᠢᠨ ᠨᠠᠨᠶᠠᠩ ᠬᠤᠲᠠ ᠵᠡᠷᠭᠡ ᠭᠠᠵᠠᠷ ᠤᠷᠤᠨ ᠳᠤ ᠠᠳᠠᠯᠢ ᠪᠤᠰᠤ ᠬᠡᠮᠵᠢᠶᠡᠨ ᠤ ᠭᠠᠯ ᠤᠨ ᠠᠶᠤᠯ ᠭᠠᠷᠴᠤ᠂  ᠤᠯᠠᠨ ᠬᠦᠮᠦᠨ ᠦᠬᠦᠵᠦ ᠰᠢᠷᠬᠠᠳᠤᠭᠰᠠᠨ ᠪᠠᠶᠢᠨ᠎ᠠ᠃  ᠴᠠᠭᠠᠨ ᠰᠠᠷ᠎ᠠ ᠣᠶᠢᠷᠠᠳᠴᠤ᠂  ᠭᠠᠯ ᠴᠠᠬᠢᠯᠭᠠᠨ ᠬᠡᠢ ᠲᠤᠰᠤᠨ ᠤ ᠭᠡᠷᠡᠭᠯᠡᠭᠡ ᠣᠷᠭᠢᠯ ᠬᠤᠭᠤᠴᠠᠭ᠎ᠠ ᠳᠤ ᠤᠷᠤᠭᠰᠠᠨ ᠪᠤᠯᠬᠤᠷ᠂ ᠲᠠᠶᠢᠹᠤᠰᠧ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠲᠠ ᠪᠦᠬᠦᠨ ᠳᠤ ᠭᠠᠯ ᠰᠡᠷᠭᠡᠶᠢᠯᠡᠬᠦ ᠶᠢ ᠢᠮᠠᠭᠲᠠ ᠠᠩᠬᠠᠷᠴᠤ᠂  ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠪᠠᠲᠤ ᠴᠡᠭᠡᠵᠢᠯᠡᠬᠦ ᠬᠡᠷᠡᠭᠲᠡᠢ ᠭᠡᠵᠦ ᠬᠠᠯᠠᠭᠤᠨ ᠰᠠᠨᠠᠭᠤᠯᠭ᠎ᠠ ᠲᠡᠪᠰᠢᠬᠦᠯᠵᠦ ᠪᠠᠶᠢᠨᠠᠮ  ᠄    ᠨᠢᠭᠡ᠂ ᠪᠠᠶᠢᠭᠤᠯᠭ᠎ᠠ ᠨᠢᠬᠡᠴᠡ᠂ ᠪᠦᠯᠬᠦᠮ ᠬᠠᠮᠳᠤ᠂ ᠠᠵᠤ ᠠᠬᠤᠶᠢᠯᠠᠯ ᠤᠨ ᠰᠡᠷᠭᠡᠶᠢᠯᠡᠯᠳᠡ᠃  ︽ᠭᠤᠷᠪᠠ ᠶᠢ ᠬᠠᠮᠢᠶᠠᠷᠴᠤ ᠭᠤᠷᠪᠠ ᠶᠢ ᠪᠡᠶᠡᠯᠡᠬᠦᠯᠬᠦ︾ ᠱᠠᠭᠠᠷᠳᠠᠯᠭ᠎ᠠ ᠶᠣᠰᠣᠭᠠᠷ ᠭᠠᠯ ᠰᠡᠷᠭᠡᠶᠢᠯᠡᠬᠦ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ︽ᠠᠶᠤᠯ ᠲᠦᠭᠰᠢᠭᠦᠷᠢ ᠶᠢ ᠥᠪᠡᠰᠦᠪᠡᠨ ᠮᠡᠳᠡᠬᠦ᠂ ᠠᠮᠤᠷ ᠲᠦᠪᠰᠢᠨ ᠢ ᠥᠪᠡᠰᠦᠪᠡᠨ ᠪᠠᠶᠢᠴᠠᠭᠠᠬᠤ᠂  ᠬᠡᠮ ᠰᠤᠭᠤᠭ ᠢ ᠥᠪᠡᠰᠦᠪᠡᠨ ᠵᠠᠰᠠᠬᠤ︾ ᠠᠵᠢᠯᠯᠠᠭ᠎ᠠ  ᠦᠷᠨᠢᠬᠦᠯᠦᠨ᠂  ᠵᠢᠵᠢᠬᠦᠷ ᠤᠨ ᠠᠵᠢᠯ ᠢ ᠴᠢᠩᠭᠠᠳᠬᠠᠨ᠂ ᠭᠠᠯ ᠰᠡᠷᠭᠡᠶᠢᠯᠡᠬᠦ ᠡᠵᠡᠮᠳᠡᠯ ᠤᠨ ᠲᠠᠰᠤᠭ ᠲᠤ ︽ᠬᠤᠶᠠᠷ ᠬᠥᠮᠥᠨ᠂ 24 ᠴᠠᠭ︾ ᠤᠨ ᠵᠢᠵᠢᠬᠦᠷ ᠤᠨ ᠳᠦᠷᠢᠮ ᠢ ᠨᠠᠶᠢᠳᠠᠪᠤᠷᠢᠵᠢᠭᠤᠯᠵᠤ᠂ ᠭᠠᠯ  ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭᠠᠲᠠᠨ᠂ ᠬᠠᠮᠢᠶᠠᠷᠤᠭᠴᠢ ᠵᠢᠴᠢ ᠲᠡᠭᠦᠨ ᠤ ᠡᠭᠦᠷᠭᠡ ᠬᠠᠷᠢᠭᠤᠴᠠᠯᠭ᠎ᠠ ᠶᠢ ᠢᠯᠡ ᠪᠤᠯᠭᠠᠨ᠂  ᠠᠶᠤᠯ ᠲᠦᠭᠰᠢᠬᠦᠷᠢ ᠶᠢᠨ ᠲᠣᠪᠣᠶᠢᠮ᠎ᠠ ᠠᠰᠠᠭᠤᠳᠠᠯ ᠣᠷᠣᠰᠢᠬᠤ ᠦᠭᠡᠢ ᠪᠤᠶᠤ ᠪᠦᠲᠦᠮᠵᠢᠲᠡᠶ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠢᠭᠡᠨᠲᠡ ᠨᠠᠶᠢᠳᠠᠪᠤᠷᠢᠵᠢᠭᠤᠯᠤᠭᠰᠠᠨ ᠠᠮᠠᠯᠠᠯᠳᠠ ᠬᠢᠨ᠎ᠡ᠃     ᠬᠤᠶᠠᠷ᠂ ᠭᠡᠷ ᠪᠦᠯᠢ ᠶᠢᠨ ᠰᠡᠷᠭᠡᠶᠢᠯᠡᠯᠳᠡ᠃ ᠭᠡᠷ ᠲᠡᠭᠡᠨ ︽ᠭᠤᠷᠪᠠ ᠶᠢ ᠴᠡᠪᠡᠷᠯᠡᠬᠦ ᠳᠥᠷᠪᠡ ᠶᠢ ᠬᠠᠭᠠᠬᠤ ᠭᠤᠷᠪᠠ ᠶᠢ ᠪᠠᠶᠢᠴᠠᠭᠠᠬᠤ︾ ᠶᠢ  ᠪᠠᠷᠢᠮᠳᠠᠯᠠᠨ᠎ᠠ᠃ ︽ᠭᠤᠷᠪᠠ ᠶᠢ ᠴᠡᠪᠡᠷᠯᠡᠬᠦ︾ ᠭᠡᠳᠡᠭ ᠨᠢ ᠲᠣᠭᠤᠭᠠᠨ ᠭᠡᠷ  ᠢᠶᠠᠨ ᠴᠡᠪᠡᠷᠯᠡᠬᠦ᠂ ᠨᠠᠷᠠᠪᠴᠢ ᠪᠠᠨ ᠴᠡᠪᠡᠷᠯᠡᠬᠦ᠂ ᠠᠰᠠᠷ ᠤᠨ ᠬᠤᠩᠭᠢᠯ ᠢ ᠴᠡᠪᠡᠷᠯᠡᠬᠦ᠃ ︽ᠳᠥᠷᠪᠡ ᠶᠢ ᠬᠠᠭᠠᠬᠤ︾ ᠭᠡᠳᠡᠭ  ᠨᠢ ᠬᠡᠢ᠂  ᠴᠠᠬᠢᠯᠭᠠᠨ᠂ ᠭᠠᠯ ᠤᠨ ᠢᠷᠡᠯᠳᠡ  ᠵᠢᠴᠢ ᠡᠭᠦᠳᠡ ᠴᠣᠩᠬᠤ  ᠪᠠᠨ ᠬᠠᠭᠠᠬᠤ᠃ ︽ᠭᠤᠷᠪᠠ ᠶᠢ ᠪᠠᠶᠢᠴᠠᠭᠠᠬᠤ︾ ᠭᠡᠳᠡᠭ ᠨᠢ ᠴᠠᠬᠢᠯᠭᠠᠨ ᠬᠡᠷᠡᠭᠰᠡᠯ ᠢ  ᠪᠠᠶᠢᠴᠠᠭᠠᠬᠤ  ᠂  ᠠᠶᠤᠯ ᠦᠬᠡᠢ ᠵᠠᠮ ᠢ  ᠪᠠᠶᠢᠴᠠᠭᠠᠬᠤ  ᠂ ᠭᠠᠯ ᠤᠨ ᠢᠷᠡᠯᠲᠡ ᠶᠢ  ᠪᠠᠶᠢᠴᠠᠭᠠᠬᠤ  ᠃     ᠭᠤᠷᠪᠠ᠂ ᠪᠠᠭᠤᠷᠠᠶᠢᠴᠤᠤᠯ   ᠤᠨ ᠰᠡᠷᠭᠡᠶᠢᠯᠡᠯᠳᠡ᠃ ᠨᠠᠰᠤᠲᠠᠶᠢᠴᠤᠳ᠂ ᠬᠡᠦᠬᠡᠳ ᠪᠠᠭᠠᠴᠤᠳ ᠵᠡᠷᠭᠡ ᠣᠨᠴᠠᠭᠠᠢ ᠬᠠᠮᠲᠤᠯᠢᠭ ᠢ ᠰᠠᠶᠢᠳᠤᠷ ᠬᠢᠨᠠᠨ ᠬᠠᠮᠠᠭᠠᠯᠠᠵᠦ᠂ ᠲᠡᠳᠡᠨ ᠤ ᠭᠠᠭᠴᠠᠭᠠᠷ ᠢᠶᠠᠨ ᠭᠠᠯ᠂ ᠴᠠᠬᠢᠯᠭᠠᠨ᠂ ᠬᠡᠢ ᠬᠡᠷᠡᠭᠯᠡᠬᠦ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠢ᠃ ᠭᠠᠭᠴᠠᠭᠠᠷ ᠰᠠᠭᠤᠭ᠎ᠠ ᠨᠠᠰᠤᠲᠠᠶᠢᠴᠤᠳ ᠢ ᠬᠠᠪᠰᠤᠷᠤᠨ ᠭᠡᠷ ᠳᠣᠲᠣᠷᠠᠬᠢ ᠬᠡᠢ᠂ ᠴᠠᠬᠢᠯᠭᠠᠨ᠂ ᠭᠠᠯ ᠤᠨ ᠢᠷᠡᠯᠲᠡ ᠶᠢ ᠨᠢ ᠦᠷᠬᠦᠯᠵᠢ ᠪᠠᠶᠢᠴᠠᠭᠠᠵᠤ᠂  ᠬᠡᠮ ᠰᠤᠭᠤᠭ ᠢ ᠴᠠᠭ ᠲᠤᠬᠠᠢ ᠳᠤᠨᠢ ᠠᠷᠢᠯᠭᠠᠨ᠂ ᠭᠠᠯ ᠰᠡᠷᠭᠡᠶᠢᠯᠡᠬᠦ ᠠᠮᠤᠷ ᠲᠦᠪᠰᠢᠨ ᠤ ᠠᠩᠬᠠᠷᠬᠤ ᠵᠦᠢᠯᠡᠰ ᠢ  ᠵᠠᠬᠢᠵᠤ ᠰᠠᠨᠠᠭᠤᠯᠬᠤ ᠬᠡᠷᠡᠭᠲᠡᠢ᠃        ᠳᠥᠷᠪᠡ᠂ ᠪᠠᠷᠢᠯᠭ᠎ᠠ ᠶᠢᠨ ᠭᠠᠵᠠᠷ   ᠤᠨ ᠰᠡᠷᠭᠡᠶᠢᠯᠡᠯᠳᠡ᠃ ᠪᠠᠷᠢᠯᠭ᠎ᠠ ᠶᠢᠨ ᠭᠠᠵᠠᠷ ᠨᠢ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠪᠠ ᠭᠠᠯ  ᠰᠡᠷᠭᠡᠶᠢᠯᠡᠬᠦ ᠠᠮᠤᠷ ᠲᠦᠪᠰᠢᠨ ᠤ ᠳᠦᠷᠢᠮ ᠲᠤᠭᠳᠠᠭᠠᠯ ᠢ ᠴᠢᠩᠭ᠎ᠠ  ᠭᠡᠷᠡᠭᠵᠢᠬᠦᠯᠵᠦ᠂  ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠲᠣᠬᠢᠷᠠᠭᠤᠯᠤᠨ᠂ ᠰᠢᠲᠠᠮᠠᠬᠠᠢ ᠪᠣᠳᠠᠰ ᠢ ᠴᠠᠭ ᠲᠤᠬᠠᠢ  ᠳᠤᠨᠢ ᠴᠡᠪᠡᠷᠯᠡᠵᠦ᠂ ᠶᠡᠭᠡ ᠰᠠᠯᠬᠢ ᠲᠠᠢ ᠦᠶᠡᠰ ᠭᠠᠯ ᠨᠣᠴᠣᠭᠠᠬᠤ ᠠᠵᠢᠯᠯᠠᠭ᠎ᠠ ᠪᠠᠨ ᠵᠣᠭᠰᠤᠭᠠᠬᠤ ᠶᠢᠨ ᠬᠠᠮᠲᠤ ᠭᠠᠯ  ᠰᠡᠷᠭᠡᠶᠢᠯᠡᠬᠦ ᠴᠠᠭᠳᠠᠨ ᠪᠠᠶᠢᠴᠠᠭᠠᠯᠲᠠ ᠪᠠᠨ ᠴᠢᠩᠭᠠᠳᠬᠠᠬᠤ ᠬᠡᠷᠡᠭᠲᠡᠢ᠃     ᠲᠠᠪᠤ᠂ ᠮᠠᠯᠵᠢᠬᠤ ᠲᠠᠷᠢᠶᠠᠯᠠᠬᠤ  ᠣᠷᠣᠨ ᠤ ᠰᠡᠷᠭᠡᠶᠢᠯᠡᠯᠳᠡ᠃ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠡᠪᠡᠰᠦ ᠲᠦᠯᠡᠭᠡ  ᠂  ᠠᠷᠭᠠᠯ ᠬᠤᠭ ᠢᠶᠠᠨ ᠭᠡᠷ ᠪᠠᠶᠢᠰᠢᠩ᠂ ᠰᠠᠩ ᠬᠥᠮᠥᠷᠭᠡ᠂  ᠫᠧᠩ ᠰᠠᠷᠠᠪᠴᠢ᠂ ᠵᠠᠮ  ᠤᠨ ᠬᠠᠵᠠᠭᠤ ᠳᠤ ᠪᠤᠶᠤ  ᠴᠠᠬᠢᠯᠭᠠᠨ ᠤᠳᠠᠰᠤᠨ ᠠᠴᠠ ᠤᠶᠢᠷ᠎ᠠ ᠣᠪᠣᠭᠠᠯᠠᠵᠤ ᠪᠣᠯᠬᠤ ᠦᠭᠡᠢ᠃  ᠣᠯᠠᠨ ᠨᠡᠶᠢᠲᠡ ᠶᠢᠨ ᠲᠠᠯᠠᠪᠤᠷ᠂ ᠦᠢᠯᠡᠳᠪᠦᠷᠢ ᠶᠢᠨ ᠲᠠᠰᠤᠭ᠂ ᠪᠠᠷᠢᠯᠭ᠎ᠠ ᠶᠢᠨ ᠭᠠᠵᠠᠷ ᠲᠤ ᠪᠤᠶᠤ ᠠᠮᠤ ᠪᠤᠳᠠᠭ᠎ᠠ  ᠂  ᠪᠦᠰ ᠪᠠᠷᠠᠭ᠎ᠠ  ᠂ ᠡᠪᠡᠰᠦ  ᠮᠤᠳᠤ ᠬᠠᠳᠠᠭᠠᠯᠠᠬᠤ ᠭᠠᠵᠠᠷ ᠲᠤ  ᠫᠤᠤᠵᠢᠩ ᠲᠠᠯᠪᠢᠬᠤ ᠂ ᠣᠷᠣ ᠳᠡᠭᠡᠷ᠎ᠡ ᠪᠠᠨ ᠬᠡᠪᠲᠡᠭᠡᠳ ᠲᠠᠮᠠᠬᠢ ᠲᠠᠳᠠᠬᠤ᠂ ᠴᠢᠶ᠋ᠢᠦ ᠲᠣᠰᠣ᠂ ᠨᠡᠭᠦᠷᠡᠰᠦᠨ ᠲᠣᠰᠣ ᠬᠡᠷᠡᠭᠯᠡᠬᠦ ᠪᠠ ᠬᠠᠳᠠᠭᠠᠯᠠᠬᠤ ᠭᠠᠵᠠᠷ᠂ ᠰᠠᠩ ᠬᠥᠮᠥᠷᠭᠡ᠂  ᠡᠪᠡᠰᠦ ᠮᠤᠳᠤ ᠲᠠᠢ ᠭᠡᠷ᠂ ᠮᠠᠯ ᠤᠨ ᠰᠠᠷᠠᠪᠴᠢ᠂ ᠬᠤᠪᠠᠭ᠋ᠠᠢ ᠡᠪᠡᠰᠦᠲᠦ ᠭᠠᠵᠠᠷ ᠵᠡᠷᠭᠡ ᠳᠤ ᠲᠠᠮᠠᠬᠢ ᠲᠠᠳᠠᠬᠤ   ᠶᠢ ᠴᠡᠭᠡᠷᠯᠡᠨ᠎ᠡ᠃  ᠵᠤᠤᠬ᠎ᠠ᠂ ᠬᠤᠪᠣᠩ ᠵᠡᠷᠭᠡ ᠶᠢ ᠮᠣᠳᠣᠨ ᠬᠠᠨ᠎ᠠ᠂ ᠣᠷᠣ ᠳᠡᠪᠢᠰᠬᠡᠷ ᠵᠢᠴᠢ ᠪᠤᠰᠤᠳ ᠰᠢᠲᠠᠮᠠᠬᠠᠢ ᠪᠣᠳᠠᠰ ᠤᠨ ᠣᠷᠴᠢᠨ ᠳᠤ ᠲᠠᠯᠪᠢᠵᠤ ᠪᠣᠯᠬᠤ ᠦᠭᠡᠢ᠂   ᠭᠡᠷ ᠪᠠᠶᠢᠰᠢᠩ ᠳᠤ ᠬᠤᠯᠠᠩ ᠤᠭᠰᠠᠷᠠᠬᠤ ᠳᠠᠭᠠᠨ ᠰᠢᠲᠠᠯᠲᠠ ᠶᠢ ᠬᠤᠷᠢᠭᠯᠠᠬᠤ ᠠᠷᠭ᠎ᠠ  ᠬᠡᠮᠵᠢᠶ᠎ᠡ ᠠᠪᠬᠤ ᠬᠡᠷᠡᠭᠲᠡᠢ᠂  ᠭᠠᠯ ᠲᠠᠢ ᠦᠨᠡᠰᠦ ᠶᠢ ᠳᠤᠷ᠎ᠠ ᠪᠠᠷ ᠢᠶᠠᠨ ᠬᠠᠶᠠᠵᠤ ᠪᠣᠯᠬᠤ ᠦᠭᠡᠢ᠃  ᠲᠤᠰᠤ ᠪᠤᠳᠤᠭ ᠠᠷᠢᠯᠭᠠᠬᠤ ᠳᠠᠭᠠᠨ ᠴᠢᠶ᠋ᠢᠦ ᠭᠡᠷᠡᠭᠯᠡᠬᠦ  ᠂ ᠰᠡᠯᠪᠢᠭ ᠲᠣᠨᠤᠭ ᠢ ᠵᠠᠰᠠᠵᠤ ᠰᠡᠯᠪᠢᠬᠦ ᠳᠡᠭᠡᠨ ᠢᠯᠠ ᠭᠠᠯ ᠭᠡᠷᠡᠭᠯᠡᠬᠦ ᠪᠤᠶᠤ ᠲᠠᠮᠠᠬᠢ ᠲᠠᠳᠠᠬᠤ  ᠂ ᠢᠯᠠ ᠭᠠᠯ ᠢᠶᠠᠷ ᠲᠡᠷᠭᠡ ᠪᠠᠨ ᠬᠠᠯᠠᠭᠠᠬᠤ᠂ ᠭᠠᠯ ᠰᠡᠷᠭᠡᠶᠢᠯᠡᠬᠦ ᠪᠦᠷᠬᠦᠭᠦᠯ ᠦᠬᠡᠢ ᠲᠠᠷᠢᠶᠠᠯᠠᠩ ᠤᠨ ᠮᠠᠰᠢᠨ ᠭᠡᠷᠡᠭᠯᠡᠬᠦ  ᠂ 0.5 ᠺᠢᠯᠣᠭ᠍ᠷᠠᠮ ᠠᠴᠠ ᠭᠡᠳᠦ ᠴᠢᠶ᠋ᠢᠦ᠂ ᠰᠫᠢᠷᠲ ᠵᠡᠷᠭᠡ ᠰᠢᠳᠠᠮᠠᠬᠠᠢ ᠪᠤᠳᠠᠰ ᠢ ᠭᠡᠷ ᠲᠡᠭᠡᠨ ᠲᠠᠯᠪᠢᠵᠤ ᠬᠠᠳᠠᠭᠠᠯᠠᠬᠤ᠂ ᠰᠢᠩᠭᠡᠵᠢᠮᠠᠯ ᠬᠡᠢ ᠶᠢᠨ ᠦᠯᠡᠳᠡᠭᠳᠡᠯ ᠢ ᠳᠤᠷ᠎ᠠ ᠪᠠᠷ ᠢᠶᠠᠨ ᠠᠰᠠᠬᠠᠵᠤ  ᠴᠢᠠᠬᠤᠬᠤ᠂ ᠬᠢᠮᠢ ᠶᠢᠨ ᠪᠣᠷᠳᠣᠭᠤᠷ  ᠲᠠᠷᠢᠶᠠᠨ ᠡᠮ ᠢ ᠳᠤᠷ᠎ᠠ ᠪᠠᠷ ᠢᠶᠠᠨ ᠬᠤᠯᠢᠵᠤ ᠲᠠᠯᠪᠢᠬᠤ᠂ ᠴᠠᠬᠢᠯᠭᠠᠨ ᠤᠲᠠᠰᠤ ᠶᠢ ᠳᠤᠷ᠎ᠠ ᠪᠠᠷ ᠢᠶᠠᠨ ᠲᠠᠳᠠᠵᠤ ᠤᠭᠰᠠᠷᠠᠬᠤ᠂ ᠵᠡᠰ ᠤᠲᠠᠰᠤ ᠪᠠᠷ ᠬᠠᠮᠠᠭᠠᠯᠠᠭᠤᠷ ᠤᠲᠠᠰᠤ ᠶᠢ ᠣᠷᠣᠯᠠᠭᠤᠯᠬᠤ᠂ ᠬᠠᠭᠤᠷᠮᠠᠭ ᠮᠠᠭᠤ ᠴᠠᠬᠢᠯᠭᠠᠨ  ᠭᠡᠷᠡᠭᠰᠡᠯ  ᠭᠡᠷᠡᠭᠯᠡᠬᠦ ᠶᠢ ᠴᠡᠭᠡᠷᠯᠡᠵᠦ᠂   ᠬᠠᠭᠤᠴᠢᠷᠠᠭᠰᠠᠨ ᠴᠠᠬᠢᠯᠭᠠᠨ ᠤᠲᠠᠰᠤ ᠶᠢ ᠴᠠᠭ ᠲᠤᠬᠠᠢ ᠳᠤᠨᠢ ᠰᠣᠯᠢᠵᠤ᠂  ᠬᠦᠮᠦᠨ ᠦᠬᠡᠢ ᠴᠠᠭ ᠲᠤ ᠴᠠᠬᠢᠯᠭᠠᠨ ᠤ ᠢᠷᠡᠯᠳᠡ ᠶᠢ ᠲᠠᠰᠤᠯᠬᠤ ᠭᠡᠷᠡᠭᠳᠡᠢ  ᠃      ᠵᠢᠷᠭᠤᠭ᠎ᠠ᠂ ᠬᠥᠮᠥᠨ ᠤᠯᠠᠨᠳᠠᠢ ᠭᠠᠵᠠᠷ ᠤᠨ ᠰᠡᠷᠭᠡᠶᠢᠯᠡᠯᠳᠡ᠃  ᠲᠡᠯᠬᠡᠬᠦᠷ ᠬᠤᠳᠠᠯᠳᠤᠭ᠎ᠠ᠂  ᠵᠤᠭ᠎ᠠ ᠴᠡᠩᠭᠡᠯ ᠤᠨ ᠭᠠᠵᠠᠷ᠂  ᠬᠤᠭᠤᠯᠠᠨ ᠭᠡᠷ᠂ ᠵᠣᠴᠢᠳ ᠤᠨ ᠪᠠᠭᠤᠳᠠᠯ᠂ ᠺᠢᠨᠣ᠋ ᠵᠦᠴᠦᠭᠡ ᠶᠢᠨ ᠬᠦᠷᠢᠶᠡᠯᠡᠩ ᠵᠡᠷᠭᠡ ᠬᠥᠮᠥᠨ ᠴᠤᠭᠯᠠᠷᠠᠳᠠᠭ ᠭᠠᠵᠠᠷ ᠨᠢ ᠠᠮᠤᠷ ᠲᠦᠪᠰᠢᠨ ᠤ ᠥᠪᠡᠷ ᠤᠨ ᠪᠠᠶᠢᠴᠠᠭᠠᠯᠲᠠ ᠶᠢ ᠱᠠᠯᠠᠪᠳᠠᠨ ᠦᠷᠨᠢᠬᠦᠯᠵᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠪᠦᠷᠢᠨ ᠪᠦᠲᠦᠨ ᠪᠠᠶᠢᠬᠤ  ᠪᠠ  ᠠᠶᠤᠯ ᠠᠴᠠ ᠵᠠᠶᠢᠯᠠᠬᠤ ᠡᠭᠦᠳᠡ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠳᠤᠯᠠᠬᠤ ᠭᠡᠷᠡᠭᠳᠡᠢ᠃ ᠰᠢᠲᠠᠮᠠᠬᠠᠢ ᠬᠡᠢ ᠬᠡᠷᠡᠭᠯᠡᠬᠦ ᠳᠡᠭᠡᠨ ᠰᠡᠷᠡᠮᠵᠢ ᠦᠭᠬᠦ ᠪᠠ ᠦᠪᠡᠷᠳᠡᠭᠡᠨ ᠲᠠᠰᠤᠯᠬᠤ ᠲᠥᠬᠦᠭᠡᠷᠦᠮᠵᠢ ᠶᠢ ᠨᠡᠮᠡᠵᠦ  ᠤᠭᠰᠠᠷᠠᠨ᠂ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠬᠡᠢ ᠪᠠ ᠠᠯᠺᠣᠣᠯ ᠲᠦᠯᠡᠰᠢ ᠶᠢ ᠬᠡᠷᠡᠭᠯᠡᠬᠦ ᠳᠡᠭᠡᠨ᠂ ᠭᠠᠯ ᠰᠡᠷᠭᠡᠶᠢᠯᠡᠬᠦ ᠵᠠᠭᠠᠭᠯᠠᠯ ᠢ ᠰᠠᠶᠢᠨ ᠬᠢᠵᠦ᠂ ᠭᠠᠯ ᠤᠨ ᠢᠷᠡᠯᠲᠡ ᠠᠴᠠ ᠬᠤᠯᠠ ᠪᠠᠶᠢᠯᠭᠠᠬᠤ ᠬᠡᠷᠡᠭᠲᠡᠢ᠃ ᠢᠯᠠᠩᠭᠤᠶ᠎ᠠ ᠠᠵᠢᠯᠲᠠᠨ ᠤ ᠭᠠᠯ ᠰᠡᠷᠭᠡᠶᠢᠯᠡᠬᠦ ᠶᠡᠷᠦ ᠶᠢᠨ ᠮᠡᠳᠡᠯᠭᠡ  ᠶᠢᠨ ᠪᠣᠯᠪᠠᠰᠤᠷᠠᠯ ᠢ ᠴᠢᠩᠭᠠᠳᠬᠠᠵᠤ᠂  ᠭᠠᠯ ᠤᠨ ᠠᠶᠤᠯ ᠢ ᠮᠡᠳᠡᠭᠦᠯᠵᠦ ᠴᠢᠳᠠᠬᠤ᠂ ᠤᠨᠳᠠᠷᠠᠭᠠᠵᠤ ᠴᠢᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠰᠠᠩ ᠬᠥᠮᠥᠷᠭᠡ ᠳᠤ ᠭᠠᠯ ᠭᠡᠷᠡᠭᠯᠡᠬᠦ ᠶᠢ ᠴᠢᠩᠭ᠎ᠠ ᠴᠠᠭᠠᠵᠠᠯᠠᠵᠤ᠂ ︽ᠲᠠᠪᠤᠨ ᠵᠠᠢ︾   ᠶᠢᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂   ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃ ᠭᠠᠯ ᠰᠡᠷᠭᠡᠶᠢᠯᠡᠬᠦ ᠡᠵᠡᠮᠳᠡᠯ ᠤᠨ ᠲᠠᠰᠤᠭ ᠲᠤ  ︽ᠬᠤᠶᠠᠷ ᠬᠥᠮᠥᠨ᠂ 24 ᠴᠠᠭ︾ ᠤᠨ ᠵᠢᠵᠢᠬᠦᠷ ᠤᠨ ᠳᠦᠷᠢᠮ ᠢ ᠬᠡᠷᠡᠭᠵᠢᠭᠦᠯᠵᠦ᠂ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠲᠡᠭᠡ ᠨᠢ ᠠᠵᠢᠯᠲᠠᠨ ᠤ ᠠᠵᠢᠯ ᠤᠨ ᠪᠠᠶᠢᠷᠢ ᠪᠠᠨ ᠰᠠᠬᠢᠬᠤ ᠶᠢ ᠪᠠᠲᠤᠯᠠᠬᠤ ᠬᠡᠷᠡᠭᠲᠡᠢ᠃      ᠳᠣᠯᠤᠭ᠎ᠠ᠂ ᠠᠶᠤᠯ ᠠᠴᠠ ᠵᠠᠶᠢᠯᠠᠬᠤ ᠰᠠᠭᠠᠳ ᠦᠬᠡᠢ ᠵᠠᠮ ᠢ ᠨᠡᠪᠳᠡᠷᠡᠬᠦᠯᠦᠨ᠎ᠡ᠃ ᠠᠶᠤᠯ ᠠᠴᠠ ᠵᠠᠶᠢᠯᠠᠬᠤ ᠵᠠᠮ ᠲᠡᠭᠡᠷ᠎ᠡ ᠡᠯᠳᠡᠪ ᠶᠠᠭᠤᠮ᠎ᠠ ᠣᠪᠣᠭᠠᠯᠠᠵᠤ ᠲᠠᠯᠪᠢᠬᠤ ᠦᠭᠡᠢ ᠪᠠᠶᠢᠵᠤ  ᠂  ᠭᠠᠷᠬᠤ ᠡᠭᠦᠳᠡ ᠶᠢ ᠰᠠᠭᠠᠳ ᠦᠭᠡᠢ  ᠨᠡᠭᠡᠭᠡᠵᠦ ᠨᠡᠪᠳᠡᠷᠡᠬᠦᠯᠬᠦ ᠭᠡᠷᠡᠭᠳᠡᠢ᠃  ᠲᠡᠷᠭᠡ ᠤᠨᠤᠭ᠎ᠠ ᠪᠠᠨ ᠰᠠᠭᠤᠭᠠᠯᠢ ᠲᠣᠭᠤᠷᠢᠭ ᠤᠨ ᠣᠷᠣᠵᠤ ᠭᠠᠷᠬᠤ ᠡᠭᠦᠳᠡ᠂ ᠭᠠᠯ ᠤᠨᠲᠠᠷᠠᠭᠠᠬᠤ ᠲᠡᠷᠭᠡᠨ ᠤ ᠤᠷᠤᠵᠤ ᠭᠠᠷᠬᠤ ᠵᠠᠮ ᠲᠡᠭᠡᠷ᠎ᠡ ᠵᠣᠭᠰᠣᠭᠠᠵᠤ ᠪᠣᠯᠬᠤ ᠦᠭᠡᠢ᠃     ᠭᠠᠯ ᠲᠦᠢᠮᠡᠷ ᠢ ᠰᠡᠷᠭᠡᠶᠢᠯᠡᠬᠦ ᠪᠤᠯ ᠬᠦᠮᠦᠨ ᠪᠦᠬᠦᠨ ᠤ ᠬᠠᠷᠢᠭᠤᠴᠠᠯᠭ᠎ᠠ ᠪᠢᠯᠡ᠃ ᠠᠷᠠᠳ ᠢᠷᠭᠡᠳ ᠨᠡᠶᠢᠭᠡᠮ ᠨᠡᠶᠢᠳᠡ ᠪᠠᠷ ᠢᠶᠠᠨ ᠳᠠᠷᠤᠶᠢᠬᠠᠨ ᠬᠥᠳᠡᠯᠦᠯᠴᠡᠵᠦ᠂ ᠭᠠᠯ  ᠰᠡᠷᠭᠡᠶᠢᠯᠡᠬᠦ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ  ᠂ ᠡᠪᠦᠯ ᠤᠨ ᠤᠯᠠᠷᠢᠯ ᠤᠨ ᠭᠠᠯ ᠰᠡᠷᠭᠡᠶᠢᠯᠡᠯᠲᠡ ᠶᠢ ᠤᠯᠠᠮ ᠴᠢᠩᠭᠠᠳᠬᠠᠵᠤ᠂ ᠭᠠᠯ ᠤᠨ ᠠᠶᠤᠯ ᠭᠠᠷᠬᠤ ᠶᠢ ᠡᠷᠡᠰ ᠰᠡᠷᠭᠡᠶᠢᠯᠡᠨ᠂  ᠠᠮᠤᠷ ᠠᠮᠤᠭᠤᠯᠠᠩ ᠲᠠᠶᠢᠹᠤᠰᠧ ᠬᠤᠰᠢᠭᠤ ᠪᠠᠨ ᠬᠠᠮᠲᠤᠪᠠᠷ ᠪᠠᠶᠢᠭᠤᠯᠤᠶ᠎ᠠ︕                  ᠲᠠᠶᠢᠹᠤᠰᠧ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ    2024 ᠣᠨ ᠤ 1 ᠰᠠᠷ᠎ᠠ ᠶᠢᠨ 29 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号