ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶ᠎ᠠ
ᠨᠡᠶᠢᠲᠡᠯᠡᠭᠰᠡᠨ ᠴᠠᠭ᠄
2024/2/11
    ᠤᠯᠤᠰ ᠪᠠ ᠤᠷᠤᠨ ᠤ  ᠰᠤᠶᠤᠯ ᠲᠠᠮᠢᠷ᠂ᠷᠠᠳᠢᠤ᠋ ᠺᠢᠨᠤ᠋ ᠲᠧᠯᠸᠢᠰ ᠵᠢᠭᠤᠯᠴᠢᠯᠠᠯ ᠤᠨ ᠠᠵᠢᠯ ᠤᠨ ᠬᠠᠮᠢᠶᠠᠳᠠᠢ ᠬᠠᠤᠯᠢ ᠲᠦᠷᠢᠮ ᠬᠢᠭᠡᠳ ᠴᠢᠭᠯᠡᠯᠳᠡ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠭᠡᠷᠡᠭᠵᠢᠬᠦᠯᠵᠦ᠂   ᠪᠦᠬᠦ ᠬᠤᠰᠢᠭᠤᠨ ᠤ  ᠰᠤᠶᠤᠯ ᠲᠠᠮᠢᠷ᠂ᠷᠠᠳᠢᠤ᠋ ᠺᠢᠨᠤ᠋ ᠲᠧᠯᠸᠢᠰ ᠵᠢᠭᠤᠯᠴᠢᠯᠠᠯ ᠤᠨ ᠠᠵᠢᠯ ᠢ ᠵᠤᠬᠢᠶᠠᠨ ᠪᠠᠶᠢᠭᠤᠯᠵᠤ  ᠭᠡᠷᠡᠭᠵᠢᠬᠦᠯᠦᠨ᠂   ᠰᠤᠶᠤᠯ ᠲᠠᠮᠢᠷ᠂ᠷᠠᠳᠢᠤ᠋ ᠺᠢᠨᠤ᠋ ᠲᠧᠯᠸᠢᠰ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢᠨ ᠲᠦᠯᠦᠪᠵᠢᠬᠦᠯᠬᠡ ᠪᠠ ᠵᠢᠯ ᠤᠨ ᠠᠵᠢᠯ ᠤᠨ ᠲᠦᠯᠦᠪᠯᠡᠭᠡ ᠶᠢ  ᠲᠤᠭᠳᠠᠭᠠᠬᠤ ᠶᠢᠨ ᠬᠠᠮᠳᠤ᠂ ᠵᠤᠬᠢᠶᠠᠨ ᠪᠠᠶᠢᠭᠤᠯᠵᠤ ᠭᠡᠷᠡᠭᠵᠢᠬᠦᠯᠦᠨ᠂  ᠪᠦᠬᠦ ᠬᠤᠰᠢᠭᠤᠨ ᠤ  ᠰᠤᠶᠤᠯ ᠲᠠᠮᠢᠷ᠂ᠷᠠᠳᠢᠤ᠋ ᠺᠢᠨᠤ᠋ ᠲᠧᠯᠸᠢᠰ ᠵᠢᠭᠤᠯᠴᠢᠯᠠᠯ ᠤᠨ  ᠲᠦᠬᠦᠭᠡᠷᠦᠮᠵᠢ ᠶᠢᠨ ᠪᠠᠶᠢᠭᠤᠯᠤᠯᠳᠠ ᠶᠢ ᠵᠢᠯᠤᠭᠤᠳᠬᠤ ᠪᠠ ᠲᠦᠯᠦᠪᠵᠢᠬᠦᠯᠵᠦ᠂ ᠡᠯ᠎ᠡ ᠲᠦᠷᠦᠯ ᠤᠨ ᠵᠠᠷᠤᠳᠠᠯ ᠤᠨ ᠭᠡᠷᠡᠭᠯᠡᠯᠳᠡ ᠶᠢᠨ ᠪᠠᠶᠢᠳᠠᠯ ᠳᠤ ᠬᠢᠨᠠᠯᠳᠠ ᠲᠠᠯᠪᠢᠨ᠎ᠠ᠃  ᠪᠦᠬᠦ ᠬᠤᠰᠢᠭᠤᠨ ᠤ  ᠰᠤᠶᠤᠯ ᠲᠠᠮᠢᠷ᠂ᠷᠠᠳᠢᠤ᠋ ᠺᠢᠨᠤ᠋ ᠲᠧᠯᠸᠢᠰ ᠵᠢᠭᠤᠯᠴᠢᠯᠠᠯ ᠤᠨ ᠠᠵᠢᠯ ᠢ ᠵᠢᠯᠤᠭᠤᠳᠬᠤ ᠪᠠ ᠪᠠᠶᠢᠴᠠᠭᠠᠵᠤ᠂ ᠡᠯ᠎ᠡ ᠰᠠᠯᠠᠭ᠎ᠠ ᠮᠦᠴᠢᠷ᠂ ᠡᠯ᠎ᠡ ᠠᠵᠢᠯ ᠲᠦᠷᠦᠯ᠂ ᠡᠯ᠎ᠡ ᠨᠡᠶᠢᠬᠡᠮ ᠤᠨ ᠪᠦᠯᠬᠦᠮ ᠲᠠᠢ ᠬᠠᠮᠵᠢᠯᠴᠠᠨ ᠤᠯᠠᠨ ᠲᠦᠮᠡᠨᠴᠢ ᠰᠤᠶᠤᠯ ᠤᠨ ᠬᠦᠳᠡᠯᠪᠦᠷᠢ ᠪᠠ ᠵᠢᠭᠤᠯᠴᠢᠯᠠᠯ ᠤᠨ ᠴᠡᠭ ᠨᠡᠭᠡᠭᠡᠬᠦ ᠠᠵᠢᠯ ᠢ ᠢᠳᠡᠪᠬᠢᠳᠡᠢ ᠦᠷᠨᠢᠬᠦᠯᠦᠨ᠎ᠡ᠃ ᠪᠦᠬᠦ ᠬᠤᠰᠢᠭᠤᠨ ᠤ ᠷᠠᠳᠢᠤ᠋ ᠲᠧᠯᠸᠢᠰ ᠬᠤᠷᠢᠶᠠᠨ ᠤ  ᠠᠵᠢᠯ ᠢ ᠬᠠᠮᠢᠶᠠᠷᠴᠤ ᠵᠢᠯᠤᠭᠤᠳᠤᠨ᠎ᠠ᠃ ᠰᠤᠶᠤᠯ ᠤᠨ ᠤᠷᠳᠤᠨ᠂ ᠨᠤᠮ ᠤᠨ ᠰᠠᠩ᠂ ᠦᠨᠳᠦᠰᠦᠨ ᠱᠠᠳᠤᠨ ᠤ ᠰᠤᠶᠤᠯ ᠤᠨ ᠦᠷᠦᠭᠡ ᠶᠢᠨ ᠪᠦᠳᠦᠭᠡᠨ ᠪᠠᠶᠢᠭᠤᠯᠤᠯᠳᠠ ᠶᠢ ᠬᠢᠵᠦ᠂  ᠪᠦᠬᠦ ᠬᠤᠰᠢᠭᠤᠨ ᠤ ᠴᠢᠬᠤᠯᠠ  ᠶᠡᠭᠡ ᠰᠤᠶᠤᠯ ᠵᠢᠭᠤᠯᠴᠢᠯᠠᠯ ᠤᠨ ᠬᠦᠳᠡᠯᠪᠦᠷᠢ ᠠᠵᠢᠯᠯᠠᠭ᠎ᠠ ᠶᠢ ᠬᠠᠷᠢᠭᠤᠴᠠᠨ ᠡᠷᠬᠢᠯᠡᠨ᠎ᠡ᠃ ᠪᠦᠬᠦ ᠬᠤᠰᠢᠭᠤᠨ ᠤ ᠨᠠᠰᠤᠳᠠᠶᠢᠴᠤᠳ ᠤᠨ  ᠪᠡᠶ᠎ᠡ ᠶᠢᠨ ᠲᠠᠮᠢᠷ ᠤᠨ ᠠᠵᠢᠯ ᠢ ᠰᠠᠶᠢᠨ ᠬᠢᠨ᠎ᠡ᠃ ᠪᠦᠬᠦ ᠬᠤᠰᠢᠭᠤᠨ ᠤ ᠰᠤᠶᠤᠯ ᠤᠨ ᠵᠠᠬ᠎ᠠ ᠲᠡᠯᠬᠡᠬᠦᠷ ᠢ ᠬᠢᠨᠠᠨ ᠬᠠᠮᠢᠶᠠᠷᠴᠤ᠂  ᠰᠤᠶᠤᠯ ᠤᠨ ᠵᠠᠬ᠎ᠠ ᠲᠡᠯᠬᠡᠬᠦᠷ   ᠤᠨ ᠡᠮᠬᠢ ᠲᠢᠭᠯᠡᠮ ᠢ ᠬᠠᠮᠠᠭᠠᠯᠠᠨ᠂ ᠬᠠᠤᠯᠢ ᠪᠤᠰᠤ ᠡᠵᠡᠩᠨᠡᠯᠳᠡ ᠳᠤ ᠴᠤᠬᠢᠯᠳᠠ ᠦᠭᠬᠦᠨ᠎ᠡ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号