ᠠᠶᠤᠯᠬᠦᠢ ᠦᠢᠯᠡᠳᠪᠦᠷᠢᠯᠡᠯ ᠤᠨ ᠵᠦᠪᠯᠡᠯ
ᠨᠡᠶᠢᠲᠡᠯᠡᠭᠰᠡᠨ ᠴᠠᠭ᠄
2024/2/11
︽ᠠᠶᠤᠯᠬᠦᠢ ᠦᠢᠯᠡᠳᠪᠦᠷᠢᠯᠡᠯ ᠤᠨ ᠬᠠᠤᠯᠢ︾ ᠪᠠᠷ ᠤᠯᠭᠤᠭᠰᠠᠨ ᠠᠶᠤᠯᠬᠦᠢ ᠦᠢᠯᠡᠳᠪᠦᠷᠢᠯᠡᠯ ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠤᠨ ᠬᠠᠷᠢᠭᠤᠴᠠᠯᠭ᠎ᠠ ᠶᠢ ᠡᠬᠦᠷᠭᠡᠯᠡᠵᠦ᠂  ᠪᠦᠬᠦ ᠬᠤᠰᠢᠭᠤᠨ ᠤ ᠠᠶᠤᠯᠬᠦᠢ ᠦᠢᠯᠡᠳᠪᠦᠷᠢᠯᠡᠯ ᠤᠨ ᠠᠵᠢᠯ ᠢ ᠶᠡᠷᠦᠩᠬᠡᠶᠢᠯᠡᠨ ᠬᠢᠨᠠᠨ ᠬᠠᠮᠢᠶᠠᠷᠴᠤ  ︔  ᠪᠦᠬᠦ ᠬᠤᠰᠢᠭᠤᠨ ᠤ ᠠᠶᠤᠯᠬᠦᠢ ᠦᠢᠯᠡᠳᠪᠦᠷᠢᠯᠡᠯ ᠤᠨ ᠪᠠᠶᠢᠳᠠᠯ   ᠳᠤ ᠵᠠᠳᠠᠯᠤᠯᠳᠠ ᠪᠠ ᠤᠷᠢᠳᠴᠢᠯᠠᠭᠰᠠᠨ  ᠪᠠᠶᠢᠴᠠᠭᠠᠯᠳᠠ ᠬᠢᠵᠦ᠂  ᠠᠶᠤᠯᠬᠦᠢ ᠦᠢᠯᠡᠳᠪᠦᠷᠢᠯᠡᠯ ᠤᠨ ᠠᠵᠢᠯ ᠤᠨ ᠲᠦᠯᠦᠪᠵᠢᠬᠦᠯᠬᠡ ᠶᠢ  ᠲᠤᠭᠳᠠᠭᠠᠨ︔   ᠡᠯ᠎ᠡ ᠰᠠᠯᠠᠭ᠎ᠠ ᠮᠦᠴᠢᠷ᠂ ᠠᠵᠢᠯ ᠲᠦᠷᠦᠯ ᠤᠨ ᠬᠢᠨ ᠲᠠᠢ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ  ᠭᠡᠷ᠎ᠡ ᠲᠤᠭᠳᠠᠨ᠎ᠠ᠃ ᠪᠦᠬᠦ ᠬᠤᠰᠢᠭᠤᠨ ᠤ ᠠᠶᠤᠯᠬᠦᠢ ᠦᠢᠯᠡᠳᠪᠦᠷᠢᠯᠡᠯ ᠤᠨ ᠠᠵᠢᠯ ᠤᠨ ᠮᠡᠳᠡᠭᠡ ᠵᠠᠩᠬᠢ ᠶᠢ ᠴᠤᠭᠯᠠᠭᠤᠯᠬᠤ ᠪᠠ ᠨᠡᠶᠢᠳᠡᠯᠡᠵᠦ᠂ ᠠᠶᠤᠯᠬᠦᠢ ᠦᠢᠯᠡᠳᠪᠦᠷᠢᠯᠡᠯ ᠠᠴᠠ ᠪᠤᠯᠤᠭᠰᠠᠨ ᠠᠳᠡᠯ ᠭᠡᠷᠡᠭ ᠢ ᠪᠦᠷᠢᠳᠭᠡᠬᠦ ᠪᠠ  ᠠᠶᠤᠯᠬᠦᠢ ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠪᠦᠷᠢᠳᠭᠡᠯ ᠤᠨ ᠠᠵᠢᠯ ᠢ ᠬᠢᠵᠦ᠂ ᠭᠡᠷᠡᠭ ᠤᠨ ᠪᠠᠶᠢᠳᠠᠯ ᠢ ᠲᠤᠭᠳᠠᠭᠠᠯ ᠶᠤᠰᠤᠭᠠᠷ ᠲᠡᠭᠡᠭᠰᠢ ᠮᠡᠳᠡᠬᠦᠯᠦᠨ᠎ᠡ᠃  ᠪᠦᠬᠦ ᠬᠤᠰᠢᠭᠤᠨ ᠤ ᠠᠶᠤᠯᠬᠦᠢ ᠦᠢᠯᠡᠳᠪᠦᠷᠢᠯᠡᠯ ᠤᠨ ᠪᠠᠶᠢᠴᠠᠭᠠᠯᠳᠠ ᠶᠢᠨ ᠠᠵᠢᠯ ᠢ ᠵᠢᠯᠤᠭᠤᠳᠴᠤ ᠵᠤᠬᠢᠴᠠᠭᠤᠯᠤᠨ᠂ ᠦᠢᠯᠡᠳᠪᠦᠷᠢ ᠠᠭᠤᠷᠬᠠᠢ  ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠠᠶᠤᠯᠬᠦᠢ ᠦᠢᠯᠡᠳᠪᠦᠷᠢᠯᠡᠯ ᠤᠨ ᠨᠦᠬᠦᠴᠡᠯ ᠪᠠ ᠬᠠᠮᠢᠶ᠎ᠠ ᠪᠦᠬᠦᠢ ᠲᠦᠬᠦᠭᠡᠷᠦᠮᠵᠢ ᠶᠢ ᠰᠢᠯᠭᠠᠨ ᠪᠠᠶᠢᠴᠠᠭᠠᠨ᠎ᠡ᠃  ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ᠂ ᠫᠤᠤᠵᠢᠩ ᠲᠠᠷᠢ  ᠦᠢᠯᠡᠳᠪᠦᠷᠢᠯᠡᠵᠦ ᠡᠵᠡᠩᠨᠡᠬᠦ ᠠᠵᠤ ᠠᠬᠤᠶᠢᠯᠠᠯ   ᠳᠤ ᠬᠢᠨᠠᠯᠳᠠ ᠲᠠᠯᠪᠢᠵᠤ᠂  ᠠᠶᠤᠯᠬᠦᠢ ᠦᠢᠯᠡᠳᠪᠦᠷᠢᠯᠡᠯ ᠤᠨ ᠭᠡᠷᠡᠭ ᠢ ᠪᠠᠶᠢᠴᠠᠭᠠᠨ ᠰᠢᠢᠳᠪᠦᠷᠢᠯᠡᠨ᠎ᠡ᠃ ᠬᠠᠮᠢᠶ᠎ᠠ ᠪᠦᠬᠦᠢ ᠬᠠᠤᠯᠢ ᠲᠦᠷᠢᠮ ᠬᠢᠭᠡᠳ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ ᠳᠤ ᠲᠤᠭᠳᠠᠭᠰᠠᠨ ᠠᠶᠤᠯᠬᠦᠢ ᠦᠢᠯᠡᠳᠪᠦᠷᠢᠯᠡᠯ ᠤᠨ ᠨᠦᠬᠦᠴᠡᠯ ᠪᠠ ᠶᠠᠪᠤᠴᠠ ᠶᠢ ᠦᠨᠳᠦᠰᠦᠯᠡᠨ᠂ ᠠᠶᠤᠯᠬᠦᠢ ᠦᠢᠯᠡᠳᠪᠦᠷᠢᠯᠡᠯ ᠳᠤ ᠬᠤᠯᠪᠤᠭᠳᠠᠭᠰᠠᠨ ᠬᠢᠨᠠᠨ ᠵᠦᠪᠰᠢᠶᠡᠷᠡᠬᠦ ᠪᠤᠶᠤ ᠰᠢᠯᠭᠠᠨ ᠪᠠᠶᠢᠴᠠᠭᠠᠬᠤ ᠴᠢᠬᠤᠯᠠᠳᠠᠢ  ᠵᠦᠢᠯᠡᠰ ᠢ ᠠᠩᠬᠠᠨ ᠤ ᠬᠢᠨᠠᠯᠳᠠ ᠬᠢᠬᠦ ᠪᠤᠶᠤ ᠠᠶᠢᠮᠠᠭ ᠤᠨ ᠰᠠᠯᠠᠭ᠎ᠠ ᠮᠦᠴᠢᠷ ᠤᠨ ᠨᠠᠶᠢᠳᠠᠯᠭ᠎ᠠ ᠪᠠᠷ ᠰᠢᠯᠭᠠᠨ ᠪᠠᠶᠢᠴᠠᠭᠠᠨ᠎ᠠ᠃  ᠪᠦᠬᠦ ᠬᠤᠰᠢᠭᠤᠨ ᠤ ᠠᠶᠤᠯᠬᠦᠢ ᠦᠢᠯᠡᠳᠪᠦᠷᠢᠯᠡᠯ ᠤᠨ ᠵᠦᠪᠯᠡᠯ ᠤᠨ ᠡᠳᠦᠷ ᠲᠤᠳᠤᠮ ᠤᠨ ᠠᠵᠢᠯ  ᠢ ᠡᠬᠦᠷᠭᠡᠯᠡᠵᠦ᠂ ᠵᠦᠪᠯᠡᠯ ᠤᠨ ᠬᠤᠷᠠᠯ ᠴᠤᠭᠯᠠᠭᠠᠨ ᠪᠠ ᠬᠦᠳᠡᠯᠪᠦᠷᠢ ᠠᠵᠢᠯᠯᠠᠭ᠎ᠠ ᠶᠢ ᠬᠠᠷᠢᠭᠤᠴᠠᠨ ᠡᠷᠬᠢᠯᠡᠵᠦ᠂  ᠵᠦᠪᠯᠡᠯ ᠤᠨ ᠬᠤᠷᠠᠯ ᠠᠴᠠ ᠲᠤᠭᠳᠠᠭᠰᠠᠨ ᠵᠦᠢᠯ ᠢ ᠱᠠᠭᠠᠷᠳᠠᠵᠤ ᠨᠠᠶᠢᠳᠠᠪᠤᠷᠢᠵᠢᠭᠤᠯᠤᠨ᠂ ᠵᠦᠪᠯᠡᠯ ᠤᠨ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ ᠬᠦᠢᠴᠡᠳᠭᠡᠨ᠎ᠡ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号