ᠤᠰᠤᠨ ᠠᠰᠢᠭᠯᠠᠯᠳᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2024/2/11
   ︽ᠪᠦᠬᠦᠳᠡ ᠨᠠᠶᠢᠷᠠᠮᠳᠠᠬᠤ  ᠲᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠤᠰᠤ ᠰᠢᠷᠤᠢ ᠶᠢᠨ ᠬᠠᠮᠠᠭᠠᠯᠠᠯᠳᠠ ᠶᠢᠨ ᠬᠠᠤᠯᠢ︾᠂ ︽ ᠦᠶᠡᠷ ᠰᠡᠷᠭᠡᠶᠢᠯᠡᠬᠦ ᠬᠠᠤᠯᠢ︾᠂ ︽ᠵᠢᠭᠠᠰᠤᠨ ᠤ ᠦᠢᠯᠡᠰ ᠤᠨ ᠬᠠᠤᠯᠢ︾ ᠵᠡᠷᠭᠡ  ᠬᠠᠤᠯᠢ ᠲᠦᠷᠢᠮ ᠪᠠ ᠤᠰᠤᠨ ᠤᠨ ᠶᠠᠪᠤᠳᠠᠯ ᠤᠨ ᠬᠠᠮᠢᠶᠠᠳᠠᠢ ᠬᠠᠤᠯᠢ ᠲᠦᠷᠢᠮ ᠢ ᠲᠤᠤᠱᠯᠠᠭᠤᠯᠤᠨ ᠭᠡᠷᠡᠭᠵᠢᠬᠦᠯᠵᠦ᠂  ᠤᠷᠤᠨ ᠨᠤᠳᠤᠭ ᠤᠨ ᠴᠢᠨᠠᠷᠳᠠᠢ ᠤᠰᠤᠨ ᠤ ᠶᠠᠪᠤᠳᠠᠯ ᠤᠨ  ᠲᠦᠷᠢᠮᠵᠢᠭᠰᠡᠨ ᠪᠢᠴᠭ ᠮᠠᠲ᠋ᠧᠷᠢᠶᠠᠯ ᠢ ᠨᠠᠶᠢᠷᠠᠭᠤᠯᠵᠤ ᠪᠢᠴᠢᠬᠦ ᠶᠢᠨ ᠬᠠᠮᠳᠤ ᠬᠢᠨᠠᠨ ᠭᠡᠷᠡᠭᠵᠢᠬᠦᠯᠦᠨ᠎ᠡ᠃ ᠪᠦᠬᠦ ᠠᠶᠢᠮᠠᠭ ᠤᠨ ︽ᠪᠢᠳᠡᠬᠦᠮᠵᠢᠯᠡᠬᠦ ᠰᠢᠯᠵᠢᠬᠦᠯᠬᠦ︾ ᠪᠠᠶᠢᠯᠳᠤᠬᠤ ᠪᠤᠳᠤᠯᠭ᠎ᠠ ᠪᠠ ᠬᠤᠰᠢᠭᠤ ᠨᠠᠮ ᠵᠠᠰᠠᠭ ᠤᠨ ᠲᠤᠷᠠᠳᠤᠭᠰᠠᠨ ︽ᠠᠮᠢ ᠠᠬᠤᠢ ᠪᠠᠷ ᠬᠤᠰᠢᠭᠤ ᠪᠠᠨ ᠪᠠᠶᠢᠭᠤᠯᠵᠤ᠂  ᠡᠪᠡᠰᠦᠨ ᠤ ᠦᠢᠯᠡᠰ ᠢᠶᠠᠷ ᠬᠤᠰᠢᠭᠤ ᠪᠠᠨ ᠬᠦᠴᠦᠷᠭᠡᠭᠵᠢᠬᠦᠯᠬᠦ᠂ ᠢᠳᠡᠰᠢᠨ ᠨᠤᠭᠤᠭ᠎ᠠ ᠪᠠᠷ ᠬᠤᠰᠢᠭᠤ ᠪᠠᠨ ᠬᠦᠭᠵᠢᠬᠦᠯᠬᠦ᠂ ᠬᠤᠳᠠ ᠶᠢᠨ ᠪᠠᠶᠢᠭᠤᠯᠤᠯᠳᠠ ᠪᠠᠷ ᠬᠤᠰᠢᠭᠤ ᠪᠠᠨ ᠮᠠᠨᠳᠤᠭᠤᠯᠬᠤ︾ ᠪᠠᠶᠢᠯᠳᠤᠬᠤ ᠪᠤᠳᠤᠯᠭ᠎ᠠ ᠶᠢᠨ ᠲᠤᠭᠤᠷᠢᠨ ᠳᠤ᠂  ᠤᠰᠤᠨ ᠠᠰᠢᠭᠯᠠᠯᠳᠠ ᠶᠢᠨ ᠰᠠᠭᠤᠷᠢ ᠲᠦᠬᠦᠭᠡᠷᠦᠮᠵᠢ ᠶᠢᠨ ᠪᠦᠳᠦᠬᠡᠨ ᠪᠠᠶᠢᠭᠤᠯᠤᠯᠳᠠ ᠪᠠ ᠦᠢᠯᠡᠴᠢᠯᠡᠭᠡ ᠶᠢ ᠰᠠᠶᠢᠨ ᠬᠢᠨ᠎ᠡ᠃ ᠪᠦᠬᠦ ᠬᠤᠰᠢᠭᠤᠨ ᠤ ᠤᠰᠤᠨ ᠤ ᠡᠬᠢ ᠪᠠᠶᠠᠯᠢᠭ ᠤᠨ ᠦᠨᠡᠯᠡᠯᠳᠡ ᠶᠢ ᠰᠠᠶᠢᠨ ᠬᠢᠵᠦ᠂  ᠪᠠᠶᠢᠳᠠᠯ ᠢ ᠤᠶᠢᠯᠠᠭᠠᠨ ᠪᠠᠶᠢᠴᠠᠭᠠᠵᠤ᠂  ᠤᠰᠤᠨ ᠤ ᠲᠠᠩᠰᠠ ᠶᠢ ᠰᠠᠶᠢᠳᠤᠷ ᠪᠤᠳᠤᠵᠤ᠂  ᠰᠢᠨᠵᠢᠯᠡᠬᠦ ᠤᠬᠠᠭᠠᠨᠴᠢ ᠵᠦᠢ ᠵᠤᠬᠢᠰᠳᠠᠢ ᠠᠰᠢᠭᠯᠠᠯᠳᠠ ᠪᠡ ᠬᠠᠮᠠᠭᠠᠯᠠᠯᠳᠠ ᠶᠢ ᠬᠢᠨ᠎ᠡ᠃ ᠮᠠᠯᠵᠢᠬᠤ ᠲᠠᠷᠢᠶᠠᠯᠠᠬᠤ ᠤᠷᠤᠨ ᠤ ᠤᠰᠤᠨ ᠠᠰᠢᠭᠯᠠᠯᠳᠠ ᠶᠢᠨ ᠰᠠᠭᠤᠷᠢ ᠲᠦᠬᠦᠭᠡᠷᠦᠮᠵᠢ ᠶᠢᠨ ᠪᠦᠳᠦᠬᠡᠨ ᠪᠠᠶᠢᠭᠤᠯᠤᠯᠳᠠ᠂ ᠬᠦᠮᠦᠨ ᠮᠠᠯ ᠤᠨ ᠤᠤᠭᠤᠬᠤ ᠤᠰᠤ ᠵᠢᠴᠢ  ᠪᠠᠭ᠎ᠠ ᠰᠠᠪᠠ ᠭᠠᠵᠠᠷ ᠤᠨ ᠬᠠᠮᠠᠭᠠᠯᠠᠯᠳᠠ  ᠵᠠᠰᠠᠯᠳᠠ ᠶᠢ ᠲᠤᠪᠤᠶᠢᠮ᠎ᠠ  ᠰᠠᠶᠢᠨ  ᠠᠳᠬᠤᠨ᠎ᠠ᠃ ︽ᠬᠤᠳᠠ ᠪᠠᠯᠭᠠᠰᠤᠵᠢᠯᠳᠠ︾ ᠶᠢᠨ ᠪᠠᠶᠢᠯᠳᠤᠬᠤ ᠪᠤᠳᠤᠯᠭ᠎ᠠ ᠶᠢᠨ ᠶᠡᠷᠦᠩᠬᠡᠢ ᠪᠠᠶᠢᠷᠢᠰᠢᠭᠤᠯᠤᠯᠳᠠ ᠶᠤᠰᠤᠭᠠᠷ᠂  ᠪᠦᠬᠦ ᠬᠤᠰᠢᠭᠤᠨ ᠤ ᠬᠤᠳᠠ ᠪᠠᠯᠭᠠᠰᠤ ᠪᠠ ᠬᠦᠳᠡᠭᠡ ᠲᠤᠰᠬᠤᠨ ᠤ ᠤᠰᠤ ᠬᠠᠩᠭᠠᠬᠤ᠂ ᠤᠰᠤ ᠭᠠᠳᠠᠭᠰᠢᠯᠠᠭᠤᠯᠬᠤ ᠵᠢᠴᠢ ᠤᠰᠤ ᠦᠬᠡᠷᠡᠴᠢᠯᠡᠬᠦ ᠠᠵᠢᠯ ᠢ ᠬᠠᠷᠢᠭᠤᠴᠠᠨ᠂ ᠠᠮᠢ ᠠᠬᠤᠢ ᠶᠢᠨ ᠨᠡᠬᠦᠳᠡᠯ ᠠᠷᠠᠳ ᠤᠨ ᠲᠤᠭᠤᠷᠢᠭ  ᠬᠢᠭᠡᠳ ᠰᠤᠮᠤ  ᠰᠢᠶᠠᠩ ᠪᠠᠯᠭᠠᠰᠤᠨ ᠤ ᠰᠠᠭᠤᠭ᠎ᠠ ᠭᠠᠵᠠᠷ ᠤᠨ ᠤᠰᠤ ᠬᠠᠩᠭᠠᠬᠤ ᠠᠵᠢᠯ ᠢ ᠭᠤᠤᠯᠳᠠᠯᠭᠠᠳᠠᠢ ᠰᠠᠶᠢᠨ ᠠᠳᠬᠤᠨ᠎ᠠ᠃  ᠤᠰᠤᠨ ᠤ ᠡᠬᠢ ᠪᠠᠶᠠᠯᠢᠭ ᠢ ᠨᠢᠬᠡᠳᠦᠯᠳᠡᠢ ᠬᠠᠮᠢᠶᠠᠷᠴᠤ᠂ ᠤᠰᠤ ᠠᠷᠪᠢᠯᠠᠬᠤ ᠠᠵᠢᠯ ᠢ ᠵᠤᠬᠢᠶᠠᠨ ᠪᠠᠶᠢᠭᠤᠯᠵᠤ᠂ ᠵᠢᠯᠤᠭᠤᠳᠴᠤ᠂ ᠬᠢᠨᠠᠨ᠎ᠠ᠃  ᠤᠯᠤᠰ ᠤᠨ ᠬᠠᠤᠯᠢ ᠲᠦᠷᠢᠮ ᠶᠤᠰᠤᠭᠠᠷ  ᠤᠰᠤᠨ ᠤ ᠴᠢᠨᠠᠷ ᠢ  ᠬᠢᠨᠠᠨ ᠬᠡᠮᠵᠢᠵᠦ᠂  ᠤᠰᠤᠨ ᠤ ᠪᠤᠬᠢᠷᠳᠤᠯ  ᠰᠡᠷᠭᠡᠶᠢᠯᠡᠬᠦ ᠠᠵᠢᠯ ᠢ ᠵᠤᠬᠢᠶᠠᠨ ᠪᠠᠶᠢᠭᠤᠯᠵᠤ ᠭᠡᠷᠡᠭᠵᠢᠬᠦᠯᠦᠨ᠎ᠡ᠃ ᠪᠦᠬᠦ ᠬᠤᠰᠢᠭᠤᠨ ᠤ ᠦᠶᠡᠷ ᠰᠡᠷᠭᠡᠶᠢᠯᠡᠬᠦ ᠭᠠᠩ ᠬᠠᠭᠰᠠᠷᠭᠠᠨ ᠲᠠᠢ ᠲᠡᠮᠡᠴᠡᠬᠦ ᠵᠢᠯᠤᠭᠤᠳᠬᠤ ᠺᠤᠮᠢᠰ ᠤᠨ ᠡᠳᠦᠷ ᠲᠤᠳᠤᠮ ᠤᠨ ᠠᠵᠢᠯ ᠢ  ᠡᠬᠦᠷᠭᠡᠯᠡᠵᠦ᠂  ᠪᠦᠬᠦ ᠬᠤᠰᠢᠭᠤᠨ ᠤ ᠦᠶᠡᠷ ᠰᠡᠷᠭᠡᠶᠢᠯᠡᠬᠦ ᠭᠠᠮᠰᠢᠭ ᠲᠠᠢ ᠲᠡᠮᠡᠴᠡᠬᠦ ᠠᠵᠢᠯ ᠢ ᠵᠤᠬᠢᠶᠠᠨ ᠪᠠᠶᠢᠭᠤᠯᠵᠤ ᠵᠤᠬᠢᠴᠠᠭᠤᠯᠤᠨ ᠵᠢᠯᠤᠭᠤᠳᠤᠨ᠎ᠠ᠃ ᠭᠠᠮᠰᠢᠭ  ᠤᠨ ᠪᠠᠶᠢᠳᠠᠯ ᠢ ᠡᠵᠡᠮᠰᠢᠵᠦ᠂ ᠴᠠᠭ ᠲᠤᠬᠠᠢ ᠳᠤᠨᠢ ᠬᠤᠰᠢᠭᠤ ᠨᠠᠮ ᠵᠠᠰᠠᠭ  ᠬᠢᠭᠡᠳ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠮᠡᠳᠡᠬᠦᠯᠦᠨ᠂ ᠭᠠᠮᠰᠢᠭ ᠲᠠᠢ ᠲᠡᠮᠡᠴᠡᠬᠦ ᠠᠷᠭ᠎ᠠ ᠪᠤᠳᠤᠯᠭ᠎ᠠ ᠶᠢ ᠲᠤᠭᠳᠠᠵᠤ ᠭᠡᠷᠡᠭᠵᠢᠬᠦᠯᠦᠨ᠎ᠡ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号