ᠲᠠᠶᠢᠹᠤᠰᠧ ᠬᠤᠰᠢᠭᠤ᠄ ᠬᠠᠭᠤᠴᠢᠨ ᠲᠤᠭᠤᠷᠢᠭ ᠲᠤ ᠦᠬᠡᠷᠡᠴᠢᠯᠡᠯᠳᠡ ᠬᠢᠵᠦ ᠰᠠᠭᠤᠭᠠᠯᠢ ᠠᠷᠠᠳ ᠤᠨ ᠰᠡᠳᠬᠢᠯ ᠢ ᠪᠠᠶᠠᠰᠬᠠᠨ᠎ᠠ
ᠨᠡᠶᠢᠲᠡᠯᠡᠭᠰᠡᠨ ᠴᠠᠭ᠄
2024/2/19
  ᠬᠠᠭᠤᠴᠢᠨ ᠰᠠᠭᠤᠭᠠᠯᠢ ᠲᠣᠭᠤᠷᠢᠭ  ᠤᠨ ᠦᠬᠡᠷᠡᠴᠢᠯᠡᠯᠳᠡ ᠪᠤᠯ ᠣᠷᠣᠨ ᠰᠠᠭᠤᠴᠠ ᠶᠢᠨ ᠣᠷᠴᠢᠨ ᠨᠦᠬᠦᠴᠡᠯ ᠢ ᠰᠠᠶᠢᠵᠢᠷᠠᠭᠤᠯᠵᠤ᠂ ᠬᠤᠲᠠ ᠪᠠᠯᠭᠠᠰᠤᠨ ᠤ ᠦᠩᠬᠡ ᠲᠦᠷᠬᠦ ᠶᠢ ᠭᠤᠶᠤᠵᠢᠭᠤᠯᠤᠨ᠂ ᠠᠷᠠᠳ ᠲᠦᠮᠡᠨ ᠤ ᠠᠮᠢᠳᠤᠷᠠᠯ  ᠤᠨ ᠴᠢᠨᠰᠠᠭ᠎ᠠ ᠶᠢ ᠲᠡᠭᠡᠭᠰᠢᠯᠡᠬᠦᠯᠬᠦ ᠴᠢᠬᠤᠯᠠ ᠨᠢᠬᠡᠨ ᠢᠨᠵᠧᠨᠧᠷᠢᠩ ᠪᠢᠯᠡ᠃ ᠤᠷᠴᠢᠮᠬᠠᠨ ᠰᠤᠷᠪᠤᠯᠵᠢᠯᠠᠭᠴᠢ ᠦᠬᠡᠷᠡᠴᠢᠯᠡᠯᠳᠡ ᠬᠢᠭᠰᠡᠨ ᠬᠠᠭᠤᠴᠢᠨ ᠰᠠᠭᠤᠭᠠᠯᠢ ᠲᠣᠭᠤᠷᠢᠭ ᠲᠤ ᠬᠦᠨᠵᠡᠬᠡᠶᠢᠷᠡᠵᠦ ᠰᠤᠷᠪᠤᠯᠵᠢᠯᠠᠬᠤ ᠳᠠᠭᠠᠨ᠂ ᠬᠠᠭᠤᠴᠢᠨ ᠰᠠᠭᠤᠭᠠᠯᠢ ᠲᠣᠭᠤᠷᠢᠭ ᠤᠨ ᠬᠡᠷᠡᠮ ᠬᠠᠨ᠎ᠠ ᠨᠢ ᠰᠢᠨᠡᠳᠴᠦ᠂ ᠰᠠᠭᠤᠷᠢ ᠲᠥᠬᠦᠭᠡᠷᠦᠮᠵᠢ ᠨᠢ ᠪᠦᠷᠢᠨᠰᠢᠨ᠂ ᠣᠷᠴᠢᠨ ᠲᠣᠭᠤᠷᠢᠨ ᠨᠢ ᠴᠡᠪᠡᠷᠰᠢᠭᠡᠳ᠂  ᠠᠰᠤᠷᠤ ᠶᠡᠭᠡ ᠬᠤᠪᠢᠷᠠᠯᠳᠠ ᠭᠠᠷᠴᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠭ᠎ᠠ ᠶᠢ ᠤᠯᠵᠤ ᠬᠠᠷᠠᠯ᠎ᠠ᠃ ᠡᠭᠦᠳᠡᠨ ᠳᠠᠬᠢ ᠬᠤᠪᠢᠷᠠᠯ ᠰᠢᠨᠡᠳᠦᠯ ᠢ ᠨᠢᠳᠦ ᠪᠠᠷ ᠢᠶᠠᠨ ᠬᠠᠷᠠᠵᠤ᠂ ᠦᠬᠡᠷᠡᠴᠢᠯᠡᠯᠳᠡ ᠶᠢᠨ ᠠᠴᠢ ᠲᠤᠰᠠ ᠶᠢ ᠪᠡᠶ᠎ᠡ ᠪᠠᠷ ᠢᠶᠠᠨ ᠬᠦᠷᠳᠡᠭᠰᠡᠨ ᠠᠷᠠᠳ ᠢᠷᠭᠡᠳ ᠪᠠᠶᠠᠷ ᠪᠠᠭ᠋ᠠᠳᠤᠯ ᠢᠶᠠᠨ ᠬᠦᠭᠡᠷᠦᠯᠳᠦᠨ ᠬᠤᠪᠢᠶᠠᠯᠴᠠᠨ᠎ᠠ᠃    ᠰᠠᠭᠤᠭᠠᠯᠢ ᠠᠷᠠᠳ ᠯᠢ ᠶᠢᠦ ᠹᠦ᠋᠄ ︽ᠦᠵᠡᠭᠡᠴᠢ᠂ ᠮᠠᠨ ᠤ ᠲᠤᠭᠤᠷᠢᠭ ᠨᠢ ᠤᠳᠤ ᠰᠢᠨ᠎ᠡ ᠲᠤᠭᠤᠷᠢᠭ ᠠᠴᠠ ᠲᠤᠤᠷ᠎ᠠ ᠦᠬᠡᠢ ᠪᠤᠯᠤᠭᠰᠠᠨ᠃ ᠭᠡᠷᠡᠮ ᠬᠠᠨ᠎ᠠ ᠶᠢ ᠵᠠᠰᠠᠵᠤ᠂ ᠲᠤᠨᠤᠭ ᠲᠦᠬᠦᠭᠡᠷᠦᠮᠵᠢ ᠶᠢ ᠰᠢᠨᠡᠳᠬᠡᠵᠡᠢ᠂ ᠲᠡᠷᠭᠡ ᠵᠣᠭᠰᠤᠭᠠᠬᠤ ᠳᠤ ᠴᠤ ᠲᠦᠭᠦᠮ ᠪᠤᠯᠤᠯ᠎ᠠ᠂ ᠠᠮᠢᠳᠤᠷᠠᠯ ᠤᠨ ᠴᠢᠨᠰᠠᠭ᠎ᠠ ᠠᠬᠢᠭᠠᠳ ᠲᠡᠭᠡᠭᠰᠢᠯᠡᠵᠡᠢ᠂ ᠡᠨᠡ ᠪᠣᠯ ᠵᠠᠰᠠᠭ ᠤᠨ ᠣᠷᠳᠣᠨ ᠠᠴᠠ ᠪᠢᠳᠡᠨ ᠳᠤ ᠬᠦᠷᠳᠡᠭᠡᠭᠰᠡᠨ ᠦᠨᠡᠨ ᠪᠣᠳᠠᠲᠠᠢ ᠠᠰᠢᠭ ᠲᠤᠰᠠ ᠪᠠᠶᠢᠭ᠎ᠠ︾᠃    ᠰᠠᠭᠤᠭᠠᠯᠢ ᠠᠷᠠᠳ ᠸᠠᠩ ᠶᠢᠨ ᠷᠦᠩ᠄ ︽ᠥᠩᠭᠡᠷᠡᠭᠰᠡᠨ ᠳᠤ ᠰᠠᠭᠤᠭᠠᠯᠢ ᠲᠣᠭᠤᠷᠢᠭ ᠤᠨ ᠵᠠᠮ ᠨᠢ ᠡᠩᠬᠦᠯ ᠲᠤᠩᠬᠤᠯ᠂ ᠤᠰᠤ ᠵᠠᠯᠠᠬᠤ ᠳᠤ ᠬᠦᠴᠢᠷ᠂ ᠪᠣᠷᠣᠭᠠᠨ ᠲᠠᠢ ᠡᠳᠦᠷ ᠪᠤᠯ ᠭᠠᠳᠠᠭᠰᠢ ᠭᠠᠷᠬᠤ ᠳᠤ ᠳᠥᠭᠦᠮ ᠦᠭᠡᠢ᠂ ᠡᠪᠦᠯ ᠤᠨ ᠬᠦᠢᠳᠡᠨ ᠳᠤ ᠭᠡᠷ ᠤᠨ ᠳᠤᠯᠠᠭᠠᠨ ᠴᠦ ᠮᠠᠰᠢ ᠲᠤᠤᠷ᠎ᠠ ᠪᠠᠶᠢᠳᠠᠭ᠂ ᠣᠲᠣ ᠡᠳᠡᠭᠡᠷ ᠠᠰᠠᠭᠤᠳᠠᠯ ᠪᠦᠷᠢᠮᠦᠰᠦᠨ ᠰᠢᠢᠳᠪᠦᠷᠢᠯᠡᠭᠳᠡᠵᠦ ᠡᠶᠢᠮᠦᠷᠬᠦ ᠪᠠᠶᠢᠳᠠᠯ ᠪᠦᠷ ᠰᠠᠶᠢᠵᠢᠷᠠᠭᠰᠠᠨ᠂ ᠮᠠᠨᠠᠶᠢᠬᠢᠨ ᠴᠤ ᠮᠦᠩᠬᠦ ᠵᠠᠷᠤᠵᠤ ᠭᠡᠷ ᠨᠡᠬᠦᠬᠦ ᠪᠤᠳᠤᠯ ᠢᠶᠠᠨ ᠢᠩᠬᠢᠭᠡᠳ ᠲᠡᠪᠴᠢᠯ᠎ᠡ᠂᠂᠂᠂᠂᠂︾᠃    ᠬᠠᠭᠤᠴᠢᠨ ᠰᠠᠭᠤᠭᠠᠯᠢ ᠲᠣᠭᠤᠷᠢᠭ ᠤᠨ ᠦᠬᠡᠷᠡᠴᠢᠯᠡᠯᠳᠡ ᠪᠣᠯ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠬᠤ ᠪᠠᠷ ᠪᠠᠷᠠᠬᠤ ᠦᠭᠡᠢ ᠠᠷᠠᠳ ᠤᠨ ᠰᠡᠳᠬᠢᠯ ᠤᠨ ᠢᠨᠵᠧᠨᠧᠷᠢᠩ ᠶᠤᠮ᠃ ᠣᠶᠢᠷ᠎ᠠ ᠶᠢᠨ ᠵᠢᠯ  ᠳᠤ᠂ ᠲᠠᠶᠢᠹᠤᠰᠧ ᠬᠤᠰᠢᠭᠤᠨ ᠤ ᠬᠢᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠠᠷᠠᠳ ᠤᠨ ᠠᠮᠢᠳᠤᠷᠠᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠬᠠᠭᠤᠴᠢᠨ ᠰᠠᠭᠤᠭᠠᠯᠢ ᠲᠣᠭᠤᠷᠢᠭ ᠤᠨ ᠦᠬᠡᠷᠡᠴᠢᠯᠡᠯᠳᠡ ᠶᠢ ᠬᠦᠴᠦᠳᠡᠢ ᠠᠬᠢᠭᠤᠯᠤᠭᠠᠳ᠂ ᠬᠠᠭᠤᠴᠢᠨ ᠰᠠᠭᠤᠭᠠᠯᠢ ᠲᠣᠭᠤᠷᠢᠭ ᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠵᠠᠢ᠃ ᠥᠭᠡᠷᠡᠴᠢᠯᠡᠯᠲᠡ ᠶᠢ ᠠᠬᠢᠭᠤᠯᠬᠤ ᠶᠠᠪᠤᠴᠠ ᠳᠤ᠂ ᠠᠷᠠᠳ ᠣᠯᠠᠨ ᠤ ᠱᠠᠭᠠᠷᠳᠠᠯᠭ᠎ᠠ ᠭᠡᠷᠡᠭᠴᠡᠭᠡᠨ ᠤ ᠲᠣᠭᠤᠷᠢᠨ ᠳᠤ᠂ ᠰᠠᠭᠤᠭᠠᠯᠢ ᠠᠷᠠᠳ ᠤᠨ ᠰᠠᠨᠠᠯ ᠢ ᠰᠣᠨᠣᠰᠴᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠦᠭᠡᠷᠡᠴᠢᠯᠡᠯᠳᠡ ᠶᠢᠨ ᠠᠷᠭ᠎ᠠ ᠲᠦᠰᠦᠪ ᠢ ᠲᠣᠭᠲᠠᠭᠠᠵᠤ᠂ ᠪᠦᠦ ᠯᠦᠩ ᠲᠣᠭᠤᠷᠢᠭ᠂ ᠵᠢᠶᠠ ᠾᠧ ᠶᠤᠸᠠᠨ ᠲᠣᠭᠤᠷᠢᠭ᠂ ᠲᠠᠷᠢᠶᠠᠯᠠᠩ ᠤᠨ ᠪᠠᠩᠬᠢ ᠶᠢᠨ ᠭᠡᠷ ᠪᠦᠯᠢ ᠶᠢᠨ ᠠᠰᠠᠷ᠂ ᠯᠦ ᠶᠤᠸᠠᠨ ᠲᠣᠭᠤᠷᠢᠭ ᠤᠨ ᠪᠣᠳᠠᠲᠠᠢ ᠪᠠᠶᠢᠳᠠᠯ ᠳᠤ ᠴᠢᠭᠯᠡᠭᠦᠯᠦᠨ᠂ ᠤᠰᠤ᠂ ᠴᠠᠬᠢᠯᠭᠠᠨ᠂ ᠢᠯᠴᠢ᠂ ᠰᠢᠳᠠᠮᠠᠬᠠᠢ ᠬᠡᠢ ᠶᠢᠨ ᠬᠠᠩᠭᠠᠯᠭ᠎ᠠ ᠶᠢ ᠰᠠᠶᠢᠵᠢᠷᠠᠭᠤᠯᠬᠤ ᠵᠢᠴᠢ ᠬᠠᠳᠠᠭᠤᠷᠠᠭᠤᠯᠤᠯᠳᠠ᠂ ᠨᠤᠭᠤᠭᠠᠷᠠᠭᠤᠯᠤᠯᠳᠠ᠂ ᠭᠡᠷᠡᠯᠳᠦᠬᠦᠯᠭᠡ᠂ ᠭᠡᠷᠡᠮ ᠬᠠᠨ᠎ᠠ ᠶᠢ ᠦᠩᠬᠡᠯᠡᠬᠦ᠂ ᠰᠠᠭᠤᠷᠢ ᠲᠥᠬᠦᠭᠡᠷᠦᠮᠵᠢ ᠶᠢ ᠰᠢᠨᠡᠳᠬᠡᠬᠦ ᠵᠡᠷᠭᠡ ᠠᠯᠢ ᠤᠯᠠᠨ ᠬᠠᠨᠳᠤᠯᠭᠠᠲᠤ ᠴᠢᠨᠠᠷᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠪᠡ᠃ 2023 ᠣᠨ ᠳᠤ᠂ ᠲᠤᠰ ᠬᠤᠰᠢᠭᠤ ᠨᠢ ᠨᠡᠶᠢᠲᠡ 5837.91 ᠲᠦᠮᠡᠨ ᠲᠥᠭᠦᠷᠢᠭ ᠤᠨ ᠪᠡᠯᠡ ᠣᠷᠣᠭᠤᠯᠵᠤ᠂ 38 ᠰᠠᠭᠤᠷᠢ ᠣᠷᠣᠨ ᠰᠠᠭᠤᠴᠠ ᠶᠢᠨ ᠠᠰᠠᠷ ᠢ ᠥᠭᠡᠷᠡᠴᠢᠯᠡᠨ ᠵᠠᠰᠠᠵᠤ᠂ 1069 ᠡᠷᠦᠬᠡ ᠳᠤ ᠠᠰᠢᠭ ᠬᠦᠷᠳᠡᠭᠡᠭᠡᠳ᠂ ᠬᠤᠯᠪᠤᠭᠳᠠᠬᠤ ᠪᠠᠷᠢᠯᠭ᠎ᠠ ᠶᠢᠨ ᠲᠠᠯᠠᠪᠠᠢ 10.04 ᠲᠦᠮᠡᠨ ᠬᠠᠪᠳᠠᠭᠠᠢ ᠳᠥᠷᠪᠡᠯᠵᠢᠨ ᠮᠧᠲᠷ ᠲᠤ ᠬᠦᠷᠴᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号