ᠲᠠᠶᠢᠹᠤᠰᠧ ᠬᠤᠰᠢᠭᠤ᠄ ᠬᠦᠳᠡᠭᠡ ᠲᠤᠰᠬᠤᠨ ᠤ ᠡᠮᠨᠡᠯᠬᠡ ᠶᠢᠨ ᠨᠦᠬᠦᠴᠡᠯ ᠢ ᠰᠠᠶᠢᠵᠢᠷᠠᠭᠤᠯᠵᠤ ᠬᠦᠮᠦᠨ ᠠᠷᠠᠳ ᠤᠨ ᠡᠷᠡᠬᠦᠯ ᠮᠡᠨᠳᠦ ᠶᠢ ᠪᠠᠳᠤᠯᠠᠨ᠎ᠠ
ᠨᠡᠶᠢᠲᠡᠯᠡᠭᠰᠡᠨ ᠴᠠᠭ᠄
2024/2/19
   ᠴᠠᠭᠠᠨ ᠰᠠᠷ᠎ᠠ ᠪᠣᠯᠤᠭᠰᠠᠨ ᠴᠤ ᠬᠤᠯᠠ ᠭᠦᠶᠦᠬᠦ ᠬᠡᠷᠡᠭ ᠦᠭᠡᠢ᠂ ᠭᠡᠷ ᠤᠨ ᠡᠭᠦᠳᠡᠨ ᠳᠡᠭᠡᠨ ᠡᠪᠡᠳᠴᠢᠨ ᠦᠵᠡᠭᠦᠯᠵᠦ ᠡᠮ ᠵᠠᠯᠠᠵᠤ ᠪᠤᠯᠤᠨ᠎ᠠ᠂ ᠨᠠᠰᠤᠳᠠᠢ ᠨᠢᠯᠬᠠᠰ ᠤᠨ ᠬᠢᠨᠢ ᠲᠣᠯᠣᠭᠠᠢ ᠨᠢ ᠡᠪᠡᠳᠴᠦ ᠪᠡᠶ᠎ᠡ ᠨᠢ ᠬᠠᠯᠠᠭᠤᠷᠠᠪᠠᠯ ᠭᠠᠴᠠᠭ᠎ᠠ ᠲᠣᠰᠬᠤᠨ ᠤ ᠪᠠᠨ ᠡᠷᠡᠭᠦᠯ ᠬᠠᠮᠠᠭᠠᠯᠠᠯ ᠤᠨ ᠲᠠᠰᠤᠭ ᠪᠤᠶᠤ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠷᠪᠡᠯ ᠪᠤᠯᠴᠢᠬᠠᠨ᠎ᠠ᠂᠂᠂᠂᠂᠂ ᠡᠶᠢᠮᠦᠷᠬᠦ ᠲᠦᠬᠦᠮ ᠲᠦᠳᠡ ᠦᠢᠯᠡᠴᠢᠯᠡᠭᠡ  ᠨᠢ ᠠᠷᠠᠳ ᠢᠷᠭᠡᠳ ᠤᠨ ᠪᠠᠶᠠᠷ ᠤᠨ ᠡᠳᠦᠷ ᠤᠨ ᠬᠤᠭᠤᠴᠠᠭᠠᠨ ᠳᠠᠬᠢ ᠡᠪᠡᠳᠴᠢᠨ ᠦᠵᠡᠭᠦᠯᠬᠦ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃  ᠴᠠᠭᠠᠨ ᠰᠠᠷ᠎ᠠ ᠶᠢᠨ ᠰᠢᠨ᠎ᠡ ᠶᠢᠨ ᠲᠤᠯᠤᠭᠠᠨ ᠳᠤ᠂ ᠰᠤᠷᠪᠤᠯᠵᠢᠯᠠᠭᠴᠢ ᠬᠤᠰᠢᠭᠤᠨ ᠲᠦᠪ ᠠᠴᠠ 30 ᠺᠢᠯᠤᠮᠧᠲᠷ ᠰᠢᠬᠠᠮ ᠵᠠᠶᠢᠳᠠᠢ ᠪᠠᠶᠢᠷᠢᠯᠠᠭ᠎ᠠ ᠬᠤᠩ ᠴᠢ ᠪᠠᠯᠭᠠᠰᠤᠨ ᠤ ᠰᠢᠨ ᠾᠧ ᠲᠣᠰᠬᠤᠨ ᠳᠤ ᠬᠦᠷᠦᠭᠡᠳ᠂ ᠡᠪᠡᠳᠴᠢᠨ ᠢᠶᠠᠨ ᠦᠵᠡᠬᠦᠯᠬᠦ ᠪᠠᠷ ᠡᠷᠡᠭᠦᠯ ᠬᠠᠮᠠᠭᠠᠯᠠᠯ ᠤᠨ ᠲᠠᠰᠤᠭ ᠲᠤ ᠢᠷᠡᠭᠰᠡᠨ ᠲᠠᠷᠢᠶᠠᠴᠢᠳ ᠲᠠᠢ ᠤᠴᠠᠷᠠᠵᠤ ᠵᠤᠭᠤᠭᠳᠠᠯ᠎ᠠ᠃   ᠲᠣᠰᠬᠤᠨ ᠤ ᠠᠷᠠᠳ ᠵᠠᠩ ᠯᠢ ᠦ᠋᠄ ︽ᠤᠳᠤ ᠪᠠᠭ᠎ᠠ ᠰᠠᠭ᠎ᠠ ᠡᠪᠡᠳᠴᠢᠨ ᠲᠠᠬᠤᠯ ᠢ ᠪᠤᠯ ᠲᠣᠰᠬᠤᠨ ᠳᠠᠭᠠᠨ ᠦᠵᠡᠬᠦᠯᠴᠢᠬᠡᠨ᠎ᠡ᠂ ᠮᠠᠰᠢ ᠲᠥᠬᠦᠮ ᠪᠤᠯᠵᠠᠢ᠂ ᠵᠡᠬᠦᠦ ᠲᠠᠯᠪᠢᠵᠤ ᠡᠮ ᠶᠡᠬᠦᠯᠡᠵᠦ ᠪᠦᠷ ᠲᠡᠶᠢᠯᠦᠨ᠎ᠡ ᠰᠢᠦ᠂ ᠪᠠᠰᠠ ᠡᠮᠨᠡᠯᠭᠡ ᠶᠢᠨ ᠳᠠᠭᠠᠳᠬᠠᠯ ᠢᠶᠠᠷ ᠶᠠᠪᠤᠵᠤ ᠲᠠᠩᠰᠠ ᠴᠠᠶᠢᠷᠠᠭᠤᠯᠵᠤ ᠪᠤᠯᠤᠨ᠎ᠠ︾᠃   ᠶᠠᠨ ᠰᠢᠦᠢ ᠭᠤᠸᠠᠩ ᠪᠣᠯ ᠰᠢᠨ ᠾᠧ ᠲᠣᠰᠬᠤᠨ ᠤ ᠲᠠᠷᠢᠶᠠᠴᠢᠨ ᠪᠣᠯᠣᠨ᠎ᠠ᠃ ᠲᠡᠷᠡᠪᠡᠷ ᠰᠤᠷᠤᠯᠭ᠎ᠠ ᠪᠠᠨ ᠲᠡᠭᠦᠰᠬᠡᠭᠰᠡᠨ ᠤ ᠳᠠᠷᠠᠭ᠎ᠠ ᠨᠤᠲᠤᠭ ᠲᠠᠭᠠᠨ ᠬᠠᠷᠢᠵᠤ ᠲᠣᠰᠬᠤᠨ ᠤ ᠡᠮᠴᠢ ᠪᠤᠯᠤᠭᠠᠳ᠂ ᠤᠯᠠᠨ ᠵᠢᠯ ᠤᠨ ᠲᠤᠷᠰᠢ ᠲᠠᠰᠤᠷᠠᠯᠲᠠ ᠦᠭᠡᠢ ᠰᠤᠷᠤᠯᠴᠠᠨ ᠰᠤᠳᠤᠯᠵᠤ᠂ ᠮᠡᠳᠡᠯᠭᠡ ᠮᠡᠷᠭᠡᠵᠢᠯ ᠬᠢᠷᠢ ᠴᠢᠳᠠᠪᠤᠷᠢ ᠪᠠᠨ ᠲᠡᠭᠡᠭᠰᠢᠯᠡᠬᠦᠯᠵᠦ ᠢᠷᠡᠵᠡᠢ ᠃ 2016 ᠣᠨ ᠳᠤ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠳᠤᠷᠠᠯᠴᠠᠭᠠᠨ ᠤ ᠠᠵᠠ ᠲᠤᠬᠢᠶᠠᠯ ᠢᠶᠠᠷ ᠴᠠᠩᠫᠢᠩ ᠲᠤᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠳᠤ ᠬᠦᠷᠴᠦ ᠵᠡᠭᠦᠦ ᠲᠥᠭᠡᠨᠡᠯᠭᠡ ᠶᠢᠨ ᠡᠮᠴᠢᠯᠡᠭᠡ ᠶᠢ ᠰᠤᠷᠤᠯᠴᠠᠭᠰᠠᠨ ᠪᠦᠭᠡᠳ ᠡᠭᠦᠯᠡᠨ ᠡᠮᠴᠢᠯᠡᠭᠡᠨ ᠤ ᠲᠠᠪᠴᠠᠩ ᠢ ᠠᠰᠢᠭᠯᠠᠵᠤ᠂ ᠴᠧᠩᠳᠦ᠋ ᠬᠤᠳᠠ ᠶᠢᠨ ᠶᠦᠨ ᠴᠢᠤᠸᠠᠢ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶᠠᠨ ᠤ ᠭᠡᠷ᠎ᠡ ᠲᠤᠭᠳᠠᠭᠰᠠᠨ ᠡᠮᠴᠢ ᠪᠤᠯᠪᠠ᠃    ᠲᠣᠰᠬᠤᠨ ᠤ ᠡᠮᠴᠢ ᠶᠠᠨ ᠰᠢᠦᠢ ᠭᠤᠸᠠᠩ᠄ ︽ᠡᠮᠴᠢ ᠶᠢᠨ ᠠᠵᠢᠯ ᠬᠢᠭᠡᠳ 24 ᠵᠢᠯ ᠪᠤᠯᠵᠠᠢ᠂ ᠤᠳᠤᠬᠠᠨ ᠳᠤ ᠪᠠᠭ᠎ᠠ ᠡᠪᠡᠳᠴᠢᠨ ᠪᠤᠯ ᠲᠣᠰᠬᠤᠨ ᠠᠴᠠ ᠭᠠᠷᠬᠤ ᠦᠭᠡᠢ᠂ ᠬᠦᠨᠳᠦ ᠡᠪᠡᠳᠴᠢᠨ ᠪᠣᠯ ᠬᠤᠰᠢᠭᠤᠨ ᠠᠴᠠ ᠭᠠᠷᠬᠤ ᠦᠭᠡᠢ ᠪᠠᠷ ᠡᠮᠨᠡᠬᠦᠯᠬᠦ ᠨᠦᠬᠦᠴᠡᠯ ᠳᠤ ᠬᠦᠷᠭᠡᠨ᠎ᠡ ᠬᠡᠵᠦ ᠪᠠᠶᠢᠨ᠎ᠠ᠃ ᠪᠢᠳᠡ ᠡᠨᠡ ᠲᠠᠯ᠎ᠠ ᠪᠠᠷ ᠶᠡᠭᠡ ᠬᠦᠴᠦ ᠣᠷᠣᠭᠤᠯᠵᠤ ᠠᠷᠠᠳ ᠣᠯᠠᠨ ᠳᠤ ᠦᠨᠡᠨ ᠪᠤᠳᠠᠳᠠᠢ ᠠᠰᠢᠭ ᠲᠤᠰᠠ ᠬᠦᠷᠳᠡᠭᠡᠬᠦ ᠨᠢ ᠴᠢᠬᠤᠯᠠ᠃ ᠮᠢᠨᠦ ᠬᠤᠪᠢ ᠳᠤ ᠴᠤ ᠭᠡᠰᠡᠨ ᠲᠣᠰᠬᠤᠨ ᠤ ᠡᠮᠴᠢ ᠶᠢᠨ ᠠᠵᠢᠯ ᠢᠶᠠᠨ ᠰᠠᠶᠢᠨ ᠬᠢᠵᠦ᠂  ᠠᠷᠠᠳ ᠤᠯᠠᠨ ᠳᠠᠭᠠᠨ ᠦᠨᠡᠨ ᠬᠦ ᠰᠠᠶᠢᠨ ᠦᠢᠯᠡᠴᠢᠯᠡᠶ᠎ᠡ ᠯᠠ ᠬᠡᠵᠦ ᠪᠤᠳᠤᠨ᠎ᠠ︾᠃    ᠰᠤᠷᠪᠤᠯᠵᠢᠯᠠᠭᠴᠢ ᠶᠦᠩ ᠹᠧᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠷᠬᠦ ᠳᠤ᠂ ᠡᠮᠨᠡᠯᠬᠡ  ᠶᠢᠨ ᠠᠵᠢᠯᠳᠠᠨ ᠠᠴᠠ ᠡᠪᠡᠳᠴᠢᠲᠡᠨ ᠤ ᠲᠤᠭ᠎ᠠ ᠬᠡᠮᠵᠢᠶ᠎ᠡ ᠪᠠ ᠪᠣᠳᠠᠲᠠᠢ ᠬᠡᠷᠡᠭᠴᠡᠭᠡ ᠶᠢ ᠦᠨᠳᠦᠰᠦᠯᠡᠨ ᠡᠮ  ᠲᠠᠩ  ᠢᠶᠠᠨ ᠤᠷᠢᠳᠴᠢᠯᠠᠨ ᠪᠡᠯᠡᠳᠬᠡᠵᠦ ᠪᠠᠶᠢᠭ᠎ᠠ ᠲᠠᠢ ᠲᠠᠭᠠᠷᠠᠯ᠎ᠠ᠃ ᠶᠦᠩ ᠹᠧᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠨᠢ ᠲᠤᠰ ᠪᠠᠯᠭᠠᠰᠤ ᠵᠢᠴᠢ ᠡᠷᠬᠢᠨ ᠲᠣᠭᠤᠷᠢᠨ ᠤ 22 ᠭᠠᠴᠠᠭ᠎ᠠ ᠲᠣᠰᠬᠤᠨ᠂ 77 ᠠᠶᠢᠯ ᠬᠤᠳᠠ᠂ 9362 ᠬᠥᠮᠥᠨ ᠠᠮᠠ ᠳᠤ ᠡᠮ ᠡᠮᠨᠡᠯᠭᠡ ᠡᠷᠡᠬᠦᠯ ᠬᠠᠮᠠᠭᠠᠯᠠᠯ ᠤᠨ ᠦᠢᠯᠡᠴᠢᠯᠡᠭᠡ ᠬᠠᠩᠭᠠᠳᠠᠭ᠃ ᠴᠠᠭᠠᠨ ᠰᠠᠷ᠎ᠠ ᠶᠢᠨ ᠬᠤᠭᠤᠴᠠᠭᠠᠨ ᠳᠤ᠂ ᠡᠷᠡᠭᠦᠯ ᠬᠠᠮᠠᠭᠠᠯᠠᠯ ᠤᠨ ᠬᠤᠷᠢᠶ᠎ᠠ ᠨᠢ 24 ᠴᠠᠭ ᠤᠨ ᠵᠢᠵᠢᠬᠦᠷ ᠤᠨ ᠳᠦᠷᠢᠮ ᠢ ᠴᠢᠩᠭ᠎ᠠ ᠬᠡᠷᠡᠭᠵᠢᠭᠦᠯᠵᠦ᠂ ᠠᠷᠠᠳ ᠢᠷᠭᠡᠳ ᠲᠤ ᠲᠦᠬᠦᠮ ᠦᠵᠡᠬᠦᠯᠵᠦ ᠲᠤᠰᠠ ᠬᠦᠷᠬᠡᠵᠦ ᠪᠠᠶᠢᠭ᠎ᠠ ᠶᠤᠮ ᠪᠠᠶᠢᠨ᠎ᠠ᠃    ᠲᠠᠶᠢᠹᠦᠰᠧ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠬᠠᠢ ᠳ᠋ᠦᠩ᠄ ︽ᠣᠲᠣ ᠮᠠᠨ ᠤ ᠬᠤᠰᠢᠭᠤᠨ ᠳᠤ 142 ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠲᠠᠰᠤᠭ ᠲᠠᠢ ᠪᠠᠶᠢᠵᠤ᠂ 6 ᠲᠦᠮᠡ ᠭᠠᠷᠤᠢ ᠠᠷᠠᠳ ᠢᠷᠭᠡᠳ ᠲᠤ ᠦᠢᠯᠡᠴᠢᠯᠡᠵᠦ ᠪᠣᠶ᠃ ᠲᠠᠷᠠᠭᠠᠴᠢ ᠶᠢᠨ ᠠᠯᠬᠤᠮ ᠳᠤ ᠪᠢᠳᠡ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠪᠠ ᠡᠮᠨᠡᠯᠭᠡ ᠶᠢᠨ ᠠᠵᠢᠯᠲᠠᠨ ᠤ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠬᠦᠴᠦ ᠣᠷᠣᠭᠤᠯᠵᠤ᠂ ᠣᠯᠠᠨ ᠲᠦᠮᠡᠨ ᠤ ᠡᠪᠡᠳᠴᠢᠨ ᠢᠶᠠᠨ ᠦᠵᠡᠭᠦᠯᠬᠦ ᠳᠤ ᠰᠢᠯᠢᠳᠡᠭ ᠰᠠᠶᠢᠨ ᠣᠷᠴᠢᠨ ᠨᠦᠬᠦᠴᠡᠯ ᠢ ᠪᠤᠢ ᠪᠤᠯᠭᠠᠨ᠂ ᠪᠥᠬᠦ ᠬᠤᠰᠢᠭᠤᠨ ᠤ ᠠᠷᠠᠳ ᠣᠯᠠᠨ ᠤ ᠡᠷᠡᠭᠦᠯ ᠮᠡᠨᠳᠦ ᠶᠢ ᠬᠠᠮᠠᠭᠠᠯᠠᠬᠤ ᠪᠠᠷ ᠴᠢᠷᠮᠠᠶᠢᠨ᠎ᠠ︾᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号