ᠲᠠᠶᠢᠹᠦᠰᠧ ᠬᠤᠰᠢᠭᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠬᠤᠷᠠᠯ ᠬᠢᠭᠰᠡᠨ
ᠨᠡᠶᠢᠲᠡᠯᠡᠭᠰᠡᠨ ᠴᠠᠭ᠄
2024/2/2
  1 ᠰᠠᠷ᠎ᠠ ᠶᠢᠨ 31 ᠤ ᠡᠳᠦᠷ᠂  ᠲᠠᠶᠢᠹᠤᠰᠧ ᠬᠤᠰᠢᠭᠤ ᠪᠦᠬᠦ ᠬᠤᠰᠢᠭᠤᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠠᠩᠬᠠᠳᠤᠭᠠᠷ ᠤᠳᠠᠭ᠎ᠠ ᠶᠢᠨ ᠲᠣᠭᠲᠠᠮᠠᠯ ᠬᠤᠷᠠᠯ ᠢ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠪᠠ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠨ᠂  ᠪᠦᠬᠦ ᠠᠶᠢᠮᠠᠭ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠳᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠶᠢᠷ᠎ᠠ ᠶᠢᠨ ᠬᠤᠭᠤᠴᠠᠭᠠᠨ ᠤ ᠡᠯ᠎ᠡ ᠲᠥᠷᠥᠯ ᠤᠨ ᠤᠰᠤᠯ ᠠᠳᠡᠯ ᠠᠴᠠ ᠰᠤᠷᠭᠠᠮᠵᠢ ᠠᠪᠴᠤ᠂ ᠣᠳᠣᠬᠠᠨ ᠤ ᠠᠶᠤᠯᠭᠦᠢ ᠦᠢᠯᠡᠳᠪᠦᠷᠢᠯᠡᠯ ᠳᠤ ᠲᠤᠯᠭᠠᠷᠠᠵᠤ ᠪᠠᠶᠢᠭ᠎ᠠ ᠠᠰᠠᠭᠤᠳᠠᠯ ᠳᠤ ᠵᠠᠳᠠᠯᠤᠯᠲᠠ ᠬᠢᠭᠰᠡᠨ ᠪᠦᠭᠡᠳ ᠴᠠᠭᠠᠨ ᠰᠠᠷ᠎ᠠ ᠶᠢᠨ ᠡᠮᠦᠨ᠎ᠡ ᠬᠤᠶᠢᠨᠠᠬᠢ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠵᠠᠢ᠃  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠯᠢ ᠵᠠᠨ ᠷᠦᠢ᠂ ᠶᠠᠩ ᠶᠢᠨ ᠮᠢᠩ ᠵᠢᠴᠢ ᠬᠠᠮᠢᠶ᠎ᠠ ᠪᠦᠬᠦᠢ ᠭᠠᠵᠠᠷ ᠤᠨ ᠲᠠᠰ ᠤᠨ ᠤᠳᠤᠷᠢᠳᠤᠯᠭ᠎ᠠ ᠬᠤᠷᠠᠯ ᠳᠤ  ᠤᠷᠤᠯᠴᠠᠨ᠂ ᠶᠢᠨ ᠶᠦᠩ ᠾᠧ ᠬᠤᠷᠠᠯ ᠢ ᠡᠷᠭᠢᠯᠡᠪᠡ᠃ ᠬᠤᠷᠠᠯ ᠠᠴᠠ᠂ ᠡᠯ᠎ᠡ ᠰᠠᠯᠠᠭ᠎ᠠ ᠮᠥᠴᠢᠷ᠂  ᠡᠯ᠎ᠡ ᠠᠵᠤ ᠠᠬᠤᠶᠢᠯᠠᠯ ᠤᠨ ᠬᠢᠨ ᠬᠤᠷᠢᠭ᠎ᠠ ᠱᠤᠭᠤᠮ ᠤᠨ ᠰᠡᠳᠬᠢᠬᠦᠢ ᠪᠠ ᠰᠠᠨᠠᠭᠠᠰᠢᠷᠠᠯ ᠤᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠨ᠂  ᠤᠰᠤᠯ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯᠭᠦᠢ  ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠲᠤᠯᠭᠠᠮ᠎ᠠ ᠰᠡᠳᠬᠢᠯᠭᠡ ᠪᠠᠨ ᠲᠠᠰᠤᠷᠠᠯᠲᠠ ᠦᠭᠡᠢ ᠴᠢᠩᠭᠠᠳᠬᠠᠨ᠂ ᠠᠶᠤᠯᠭᠦᠢ ᠦᠢᠯᠡᠳᠪᠦᠷᠢᠯᠡᠯ ᠤᠨ ︽ ᠭᠤᠷᠪᠠᠨ ᠬᠠᠮᠢᠶᠠᠷᠤᠯᠳᠠ︾ ︽ᠭᠤᠷᠪᠠᠨ ᠡᠷᠭᠡᠪᠰᠢ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠪᠦᠯ ᠤᠨ ᠤᠯᠠᠷᠢᠯ ᠪᠣᠯᠣᠨ ᠤᠨ  ᠤ ᠡᠬᠢ ᠵᠢᠯ ᠤᠨ ᠡᠴᠦᠰ ᠤᠨ ᠣᠨᠴᠠᠯᠢᠭ ᠲᠠᠢ ᠤᠶᠠᠯᠳᠤᠭᠤᠯᠤᠨ᠂ ᠭᠠᠯ ᠲᠦᠢᠮᠡᠷ᠂  ᠫᠤᠤᠵᠢᠩ ᠲᠠᠷᠢ᠂ ᠬᠡᠢ ᠴᠠᠬᠢᠯᠭᠠᠨ ᠭᠠᠩᠨᠠᠯᠳᠠ᠂ ︽ᠤᠲᠠᠰᠤ ᠲᠠᠳᠠᠵᠤ︾ ᠴᠠᠬᠢᠯᠭᠠᠨ ᠴᠡᠨᠡᠭᠯᠡᠬᠦ᠂ ᠰᠢᠲᠠᠮᠠᠬᠠᠢ ᠬᠡᠢ᠂ ᠵᠠᠮ ᠬᠠᠷᠢᠯᠴᠠᠭ᠎ᠠ᠂ ᠬᠥᠮᠥᠨ ᠤᠯᠠᠨᠳᠠᠢ ᠭᠠᠵᠠᠷ  ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠵᠠᠩᠭᠢᠯᠠᠭ᠎ᠠ ᠶᠢᠨ ᠭᠤᠭᠴᠤᠭ᠎ᠠ ᠶᠢ ᠰᠠᠶᠢᠳᠤᠷ ᠠᠩᠬᠠᠷᠴᠤ᠂  ᠠᠶᠤᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠯᠳᠡ ᠶᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ᠃ ᠭᠠᠮᠰᠢᠭ ᠠᠴᠠ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠲᠦᠰᠦᠪ ᠢ ᠨᠠᠷᠢᠯᠢᠬᠵᠢᠭᠤᠯᠤᠨ᠂ ᠪᠠᠳᠤᠯᠠᠭᠠᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠤᠷ ᠲᠠᠶᠢᠪᠤᠩ ᠥᠯᠵᠡᠢ ᠪᠡᠯᠭᠡ ᠲᠠᠢ ᠰᠢᠨᠡᠯᠡᠬᠦ ᠶᠢ ᠪᠦᠬᠦ ᠬᠦᠴᠦᠨ ᠢᠶᠠᠷ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠳᠡᠭᠡᠷ᠎ᠡ᠂ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠭᠠᠯ ᠲᠦᠢᠮᠡᠷ ᠤᠨ ᠠᠶᠤᠯ ᠭᠠᠮᠰᠢᠭ ᠢ ᠲᠥᠪᠯᠡᠷᠡᠭᠦᠯᠦᠨ ᠠᠷᠢᠯᠭᠠᠬᠤ ᠪᠤᠭᠤᠮᠳᠠ ᠰᠢᠪᠳᠤᠯᠬᠤ ᠶᠡᠭᠡ ᠴᠡᠭᠴᠡᠯᠡᠯᠳᠡ ᠶᠢᠨ ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠯ︾   ᠢ  ᠤᠯᠠᠮᠵᠢᠯᠠᠭᠰᠠᠨ ᠤ ᠬᠠᠮᠲᠤ ᠬᠠᠮᠢᠶ᠎ᠠ ᠪᠦᠬᠦᠢ ᠠᠵᠢᠯ ᠳᠤ ᠪᠠᠶᠢᠷᠢᠯᠠᠭᠤᠯᠤᠯᠳᠠ ᠬᠢᠵᠦ᠂ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠠᠴᠠ ᠪᠣᠳᠠᠲᠠᠢ ᠠᠵᠢᠯ ᠢ ᠪᠠᠶᠢᠷᠢᠯᠠᠭᠤᠯᠵᠠᠢ᠃  ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠭᠡᠰᠢᠬᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号