ᠴᠧᠨ ᠶᠠᠨ ᠪᠤᠤ ᠠᠵᠤ ᠠᠬᠤᠶᠢᠯᠠᠯ ᠳᠤ ᠬᠦᠨᠵᠡᠬᠡᠶᠢᠷᠡᠵᠦ ᠪᠠᠶᠢᠴᠠᠭᠠᠨ ᠰᠤᠳᠤᠯᠤᠯᠳᠠ ᠬᠢᠯ᠎ᠡ
ᠨᠡᠶᠢᠲᠡᠯᠡᠭᠰᠡᠨ ᠴᠠᠭ᠄
2024/2/2
  2 ᠰᠠᠷ᠎ᠠ ᠶᠢᠨ 1 ᠤ ᠡᠳᠦᠷ᠂  ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠲᠠᠷᠤᠭ᠎ᠠ ᠴᠧᠨ ᠶᠠᠨ ᠪᠤᠤ  ᠰᠢᠯᠢ ᠶᠢᠨ ᠭᠤᠤᠯ ᠠᠶᠢᠮᠠᠭ ᠤᠨ  ᠪᠠᠢ ᠬᠤᠢ ᠱᠧᠩ ᠰᠢᠬᠢᠷ ᠤᠨ ᠦᠢᠯᠡᠰ ᠤᠨ ᠬᠢᠵᠠᠭᠠᠷᠳᠤ ᠺᠤᠮᠫᠠᠨᠢ ᠳᠤ ᠬᠦᠨᠵᠡᠬᠡᠶᠢᠷᠡᠵᠦ᠂  ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠵᠡᠢ᠃ ᠪᠠᠶᠢᠴᠠᠭᠠᠨ ᠰᠤᠳᠤᠯᠬᠤ ᠶᠠᠪᠤᠴᠠ ᠳᠤ᠂ ᠴᠧᠨ ᠶᠠᠨ ᠪᠤᠤ ᠢᠳᠡᠭᠡᠨ ᠤ ᠠᠮᠤᠷ ᠲᠦᠪᠰᠢᠨ ᠤ ᠪᠠᠶᠢᠳᠠᠯ ᠤᠨ ᠲᠤᠬᠠᠢ ᠠᠵᠤ ᠠᠬᠤᠶᠢᠯᠠᠯ ᠤᠨ ᠬᠠᠷᠢᠭᠤᠴᠠᠯᠭᠠᠳᠠᠨ ᠤ  ᠬᠠᠷᠢᠭᠤ ᠮᠡᠳᠡᠬᠦᠯᠦᠯᠳᠡ ᠶᠢ ᠰᠤᠨᠤᠰᠴᠤ᠂   ᠬᠠᠮᠢᠶ᠎ᠠ ᠪᠦᠬᠦᠢ ᠲᠠᠩᠰᠠ ᠮᠠᠲ᠋ᠧᠷᠢᠶᠠᠯ ᠪᠠ ᠪᠤᠳᠠᠳᠠᠢ ᠨᠠᠶᠢᠳᠠᠪᠤᠷᠢᠵᠢᠭᠤᠯᠤᠭᠰᠠᠨ ᠪᠠᠶᠢᠳᠠᠯ ᠢ  ᠪᠠᠶᠢᠴᠠᠭᠠᠨ ᠦᠵᠡᠭᠰᠡᠨ ᠤ ᠬᠠᠮᠳᠤ  ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠳᠠ ᠶᠢᠨ ᠰᠢᠰᠲ᠋ᠧᠮᠵᠢ ᠶᠢ ᠲᠡᠬᠦᠯᠳᠡᠷᠵᠢᠬᠦᠯᠬᠦ᠂   ᠪᠠᠶᠢᠩᠭᠤ ᠶᠢᠨ ᠴᠢᠨᠠᠷᠳᠠᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠨ ᠠᠳᠬᠤᠬᠤ᠂  ᠤᠬᠠᠭᠤᠯᠭ᠎ᠠ ᠪᠠ ᠪᠤᠯᠪᠠᠰᠤᠷᠠᠯ ᠢ ᠴᠢᠩᠭᠠᠳᠬᠠᠬᠤ ᠵᠡᠷᠭᠡ ᠲᠠᠯᠠᠪᠠᠷ ᠰᠠᠨᠠᠯ ᠰᠠᠨᠠᠭᠤᠯᠭ᠎ᠠ ᠲᠤᠷᠠᠳᠤᠭᠰᠠᠨ ᠪᠠᠶᠢᠨ᠎ᠠ᠃ ᠴᠧᠨ ᠶᠠᠨ ᠪᠤᠤ ᠴᠢᠬᠤᠯᠠᠴᠢᠯᠠᠬᠤ ᠳᠠᠭᠠᠨ᠂   ᠢᠳᠡᠭᠡᠨ ᠤᠮᠳᠠᠭᠠᠨ ᠦᠢᠯᠡᠳᠪᠦᠷᠢᠯᠡᠬᠦ ᠠᠵᠤ ᠠᠬᠤᠶᠢᠯᠠᠯ  ᠨᠢ ᠡᠷᠭᠡᠪᠰᠢ  ᠭᠤᠤᠯ ᠴᠤᠭᠴᠠ ᠶᠢᠨ ᠬᠠᠷᠢᠭᠤᠴᠠᠯᠭ᠎ᠠ   ᠶᠢ ᠴᠢᠩᠭ᠎ᠠ ᠨᠠᠶᠢᠳᠠᠪᠤᠷᠢᠵᠢᠭᠤᠯᠵᠤ᠂   ᠢᠳᠡᠭᠡᠨ ᠤ ᠠᠮᠤᠷ ᠲᠦᠪᠰᠢᠨ ᠤ ᠬᠠᠮᠢᠶᠠᠷᠤᠯᠳᠠ ᠶᠢᠨ ᠲᠦᠷᠢᠮ ᠢ ᠤᠯᠠᠮ ᠲᠡᠬᠦᠯᠳᠡᠷᠵᠢᠬᠦᠯᠦᠨ᠂  ᠦᠪᠡᠷᠳᠡᠭᠡᠨ ᠪᠠᠶᠢᠴᠠᠭᠠᠬᠤ ᠠᠵᠢᠯ ᠢ ᠲᠤᠭᠳᠠᠮᠠᠯ ᠬᠤᠭᠤᠴᠠᠭ᠎ᠠ ᠲᠠᠢ ᠦᠷᠨᠢᠬᠦᠯᠵᠦ᠂   ᠠᠵᠢᠯᠳᠠᠨ ᠤ ᠪᠤᠯᠪᠠᠰᠤᠷᠠᠯ ᠢ ᠪᠦᠬᠦ ᠲᠠᠯᠠᠪᠠᠷ ᠴᠢᠩᠭᠠᠳᠬᠠᠨ᠂   ᠬᠠᠮᠢᠶᠠᠷᠤᠯᠳᠠ ᠶᠢᠨ ᠬᠢᠷᠢ ᠲᠦᠪᠰᠢᠨ ᠪᠠ  ᠲᠦᠭᠰᠢᠬᠦᠷᠢ ᠠᠴᠠ ᠰᠡᠷᠭᠡᠶᠢᠯᠡᠬᠦ ᠬᠢᠷᠢ ᠴᠢᠳᠠᠪᠤᠷᠢ ᠪᠠᠨ ᠦᠨᠡᠨᠬᠦ ᠲᠡᠭᠡᠭᠰᠢᠯᠡᠬᠦᠯᠵᠦ᠂  ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠳᠤ ᠰᠠᠬᠢᠬᠤ ᠭᠡᠷᠡᠭᠳᠡᠢ᠃ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ  ᠦᠢᠯᠡᠳᠦᠯ ᠴᠢᠳᠠᠮᠵᠢ ᠪᠠᠨ ᠬᠦᠢᠴᠡᠳ ᠪᠠᠳᠠᠷᠠᠭᠤᠯᠵᠤ᠂  ᠭᠤᠤᠯᠳᠠᠯᠭ᠎ᠠ ᠲᠠᠢ ᠠᠵᠢᠯ ᠡᠬᠦᠷᠭᠡ ᠶᠢ ᠲᠤᠳᠤᠷᠬᠠᠶᠢᠯᠠᠨ᠂  ᠭᠤᠤᠯᠳᠠᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠭᠤᠭᠴᠤᠭ᠎ᠠ᠂  ᠭᠤᠤᠯᠳᠠᠯᠭ᠎ᠠ ᠲᠠᠢ ᠲᠠᠯᠠᠪᠤᠷ   ᠲᠤ ᠤᠷᠤᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠬᠦᠨᠵᠡᠬᠡᠢ ᠪᠠᠶᠢᠴᠠᠭᠠᠵᠤ᠂  ᠱᠠᠭᠠᠷᠳᠠᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠂  ᠬᠢᠨᠠᠯᠳᠠ ᠬᠠᠮᠢᠶᠠᠷᠤᠯᠳᠠ ᠶᠢᠨ ᠬᠠᠷᠢᠭᠤᠴᠠᠯᠭ᠎ᠠ ᠪᠠᠨ ᠦᠨᠡᠨᠬᠦ ᠬᠦᠢᠴᠡᠳᠭᠡᠵᠦ᠂  ᠤᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠪᠠᠳᠤᠯᠠᠨ᠂  ᠤᠯᠠᠨ ᠲᠦᠮᠡᠨ ᠢ  ᠪᠠᠶᠠᠷ ᠵᠢᠷᠭᠠᠯ ᠲᠠᠢ ᠡᠩᠭᠡ ᠰᠠᠶᠢᠬᠠᠨ ᠰᠢᠨᠡᠯᠡᠬᠦᠯᠬᠦ ᠭᠡᠷᠡᠭᠳᠡᠢ ᠬᠡᠪᠡ᠃  ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ᠂  ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠶᠡᠭᠡ ᠠᠩᠬᠢ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ  ᠪᠠᠶᠢᠴᠠᠭᠠᠨ ᠰᠤᠳᠤᠯᠤᠯᠳᠠ ᠳᠤ ᠤᠷᠤᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号