ᠲᠠᠶᠢᠹᠤᠰᠧ ᠬᠤᠰᠢᠭᠤ ᠠᠶᠤᠯ ᠲᠦᠭᠰᠢᠭᠦᠷᠢ ᠶᠢᠨ ᠰᠡᠷᠭᠡᠶᠢᠯᠡᠯᠳᠡ ᠶᠢᠨ ᠬᠤᠷᠢᠭ᠎ᠠ ᠱᠤᠭᠤᠮ ᠢ ᠰᠠᠬᠢᠵᠤ  ᠠᠮᠤᠷ ᠲᠦᠪᠰᠢᠨ ᠬᠦᠭᠵᠢᠯᠳᠡ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2024/2/21
   2023 ᠤᠨ ᠳᠤ᠂ ᠲᠠᠶᠢᠹᠤᠰᠧ ᠬᠤᠰᠢᠭᠤ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠤᠯᠭᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠤᠭᠠᠳ᠂  ᠶᠢᠰᠦᠳᠦᠭᠡᠷ ᠪᠦᠯᠦᠭ ᠤᠨ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠪᠠᠷ ᠦᠨᠡᠯᠡᠭᠳᠡᠵᠦ᠂ ᠦᠨᠳᠦᠰᠦᠲᠡᠨ ᠨᠦᠭᠦᠳ ᠨᠢᠭᠡ ᠭᠡᠷ ᠤᠨ ᠬᠢᠨ ᠮᠡᠲᠦ ᠨᠢᠬᠳᠠᠷᠠᠨ ᠪᠦᠯᠬᠦᠮᠳᠡᠭᠰᠡᠨ ᠰᠠᠶᠢᠨ ᠰᠠᠶᠢᠬᠠᠨ ᠪᠠᠶᠢᠳᠠᠯ ᠢ ᠤᠯᠠᠮ ᠴᠢᠨᠠᠭᠰᠢᠳᠠ ᠪᠠᠬᠢᠵᠢᠭᠦᠯᠦᠨ ᠬᠦᠭᠵᠢᠬᠦᠯᠵᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠦᠨᠳᠦ ᠶᠡᠭᠡ ᠤᠰᠤᠯ ᠡ᠊ᠨᠳᠡᠯ ᠤᠨ ᠲᠠᠯᠳᠠ ᠭᠡᠮ ᠢ ᠪᠠᠶᠢᠴᠠᠭᠠᠨ ᠴᠡᠭᠴᠡᠯᠡᠬᠦ ᠠᠵᠢᠯᠯᠠᠭ᠎ᠠ ᠵᠢᠴᠢ ᠡᠯ᠎ᠡ ᠲᠦᠷᠦᠯ ᠤᠨ ᠲᠤᠰᠬᠠᠢ  ᠴᠡᠭᠴᠡᠯᠡᠯᠳᠡ ᠶᠢᠨ ᠠᠵᠢᠯ ᠢ ᠭᠦᠨᠵᠡᠭᠡᠢ ᠦᠷᠨᠢᠬᠦᠯᠦᠨ᠂ ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠪᠠ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠲᠣᠭᠲᠠᠭᠤᠨ ᠪᠠᠶᠢᠳᠠᠯ ᠢ ᠬᠠᠳᠠᠭᠠᠯᠠᠭᠰᠠᠨ ᠪᠦᠭᠡᠳ ᠤᠯᠤᠰ ᠤᠨ ᠢᠳᠡᠭᠡᠨ ᠤᠮᠳᠠᠭᠠᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠢᠶᠠᠷ  ᠠᠬᠢᠭᠤᠯᠵᠤ᠂ ᠢᠳᠡᠭᠡᠨ ᠡᠮ ᠤᠨ ᠵᠦᠢᠯ ᠤᠨ ᠠᠶᠤᠯᠭᠦᠢ ᠶᠢᠨ ᠪᠠᠶᠢᠳᠠᠯ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠭᠰᠠᠨ ᠪᠠᠶᠢᠨ᠎ᠠ᠃    2024 ᠤᠨ ᠳᠤ᠂ ᠲᠠᠶᠢᠹᠤᠰᠧ ᠬᠤᠰᠢᠭᠤ ᠨᠢ ᠬᠦᠭᠵᠢᠯᠳᠡ ᠪᠠ ᠠᠮᠤᠷ ᠲᠦᠪᠰᠢᠨ ᠤ ᠬᠤᠶᠠᠷ ᠶᠡᠭᠡ ᠶᠠᠪᠤᠳᠠᠯ ᠢ ᠰᠠᠶᠢᠲᠤᠷ ᠠᠳᠬᠤᠵᠤ᠂  ︽ᠭᠤᠷᠪᠠᠨ ᠬᠠᠮᠢᠶᠠᠷᠤᠯᠳᠠ ᠭᠤᠷᠪᠠᠨ  ᠡᠷᠬᠡᠪᠰᠢ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ  ᠂ ᠡᠯ᠎ᠡ ᠲᠦᠷᠦᠯ ᠤᠨ ᠲᠤᠰᠬᠠᠢ ᠴᠡᠭᠴᠡᠯᠡᠯᠳᠡ ᠪᠠ ᠪᠤᠭᠤᠮᠳᠠ ᠰᠢᠪᠳᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠭᠠᠮᠰᠢᠭ ᠢ ᠰᠡᠷᠭᠡᠶᠢᠯᠡᠨ  ᠬᠤᠬᠢᠷᠠᠯ ᠢ ᠪᠠᠭᠠᠰᠬᠠᠬᠤ ᠴᠢᠳᠠᠪᠤᠷᠢ ᠪᠠᠨ ᠲᠡᠭᠡᠭᠰᠢᠯᠡᠬᠦᠯᠦᠨ᠂ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠨ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠳᠤᠯᠠᠬᠤ ᠶᠢᠨ ᠬᠠᠮᠳᠤ᠂ ᠠᠶᠤᠯ ᠲᠦᠭᠰᠢᠭᠦᠷᠢ ᠶᠢᠨ ᠤᠬᠠᠮᠰᠠᠷ ᠪᠠ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠨ᠂ ᠵᠠᠰᠠᠭ ᠤᠨ ᠣᠷᠳᠣᠨ ᠤ ᠲᠠᠯᠳᠠ ᠥᠷᠢ ᠥᠭᠴᠡᠭᠡ ᠶᠢᠨ ᠨᠡᠮᠡᠭᠳᠡᠯ ᠢ ᠡᠷᠡᠰ  ᠬᠤᠷᠢᠭᠯᠠᠵᠤ᠂ ᠠᠵᠢᠯ ᠲᠥᠷᠥᠯ ᠤᠨ ᠬᠢᠷᠢ ᠬᠡᠮ ᠲᠠᠢ ᠨᠤᠳᠤᠭ  ᠤᠨ ᠠᠵᠤ ᠠᠬᠤᠶᠢᠯᠠᠯ ᠢ  ᠪᠤᠶᠢᠵᠢᠭᠤᠯᠤᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠬᠥᠭᠵᠢᠭᠦᠯᠦᠨ ᠪᠤᠵᠠᠭᠠᠶᠢᠷᠠᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠦᠢᠯᠡᠳᠦᠯ ᠢ ᠰᠠᠶᠢᠲᠤᠷ ᠪᠠᠳᠠᠷᠠᠭᠤᠯᠤᠨ᠂ ᠡᠯ᠎ᠡ  ᠲᠦᠷᠦᠯ ᠤᠨ ᠠᠵᠤ ᠠᠬᠤᠢ ᠶᠢᠨ ᠠᠷᠭ᠎ᠠ ᠪᠠᠷᠢᠯ ᠢ ᠬᠡᠷᠡᠭᠯᠡᠨ ᠵᠠᠰᠠᠭ ᠤᠨ ᠣᠷᠳᠣᠨ ᠤ ᠥᠷᠢ ᠥᠭᠴᠡᠭᠡ  ᠶᠢ ᠲᠣᠭᠲᠠᠭᠤᠨ ᠢᠶᠠᠷ ᠠᠷᠢᠯᠭᠠᠵᠤ᠂ ᠳᠠᠯᠳᠠ ᠥᠷᠢ ᠥᠭᠴᠡᠭᠡ ᠶᠢᠨ ᠬᠡᠪᠴᠢᠶ᠎ᠡ ᠪᠠ ᠲᠦᠭᠰᠢᠭᠦᠷᠢ ᠶᠢᠨ ︽ᠬᠤᠣᠰ ᠪᠠᠭᠤᠷᠠᠯᠲᠠ︾ ᠶᠢ ᠪᠡᠶᠡᠯᠡᠬᠦᠯᠬᠦ ᠪᠠᠷ ᠪᠠᠶᠢᠨ᠎ᠠ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ︽ᠦᠨᠡᠨᠴᠢ ᠢᠲᠡᠭᠡᠮᠵᠢ ᠶᠢᠨ ᠢᠨᠵᠧᠨᠧᠷᠢᠩ︾ ᠢ ᠰᠠᠶᠢᠲᠤᠷ ᠭᠡᠷᠡᠭᠵᠢᠬᠦᠯᠦᠨ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠬᠦ ᠶᠢᠨ ᠬᠠᠮᠳᠤ   ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠤᠯᠭᠠᠨ᠂ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠰᠠᠶᠢᠲᠤᠷ ᠰᠠᠬᠢᠨ ᠬᠠᠮᠠᠭᠠᠯᠠᠬᠤ ᠪᠤᠯᠤᠨ᠎ᠠ᠃   ᠨᠡᠶᠢᠬᠡᠮ ᠤᠨ ᠵᠠᠰᠠᠯᠲᠠ ᠶᠢ ᠲᠠᠰᠤᠷᠠᠯᠲᠠ ᠦᠭᠡᠢ ᠰᠢᠨᠡᠴᠢᠯᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠠᠶᠢᠮᠠᠭ ᠤᠨ ᠪᠠᠶᠢᠭᠤᠯᠤᠯᠳᠠ ᠶᠢᠨ ᠰᠢᠯᠭᠠᠨ ᠪᠠᠶᠢᠴᠠᠭᠠᠯᠳᠠ ᠶᠢ ᠤᠭᠳᠤᠬᠤ ᠠᠵᠢᠯ ᠢ ᠰᠠᠶᠢᠨ ᠬᠢᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠢᠳᠡᠪᠬᠢᠲᠡᠢ ᠪᠠᠷ ᠪᠦᠯᠬᠦᠮᠳᠡᠬᠦᠯᠦᠨ ᠵᠢᠯᠤᠭᠤᠳᠴᠤ ᠪᠠᠶᠢᠭᠠᠳ᠂  ︽ᠨᠠᠮ ᠤᠨ ᠢᠶᠠᠨ ᠠᠴᠢ ᠳᠤ ᠲᠠᠯᠠᠷᠬᠠᠬᠤ᠂  ᠨᠠᠮ ᠤᠨ ᠢᠶᠠᠨ ᠦᠭᠡ ᠶᠢ ᠰᠤᠨᠤᠰᠬᠤ᠂ ᠨᠠᠮ ᠢᠶᠠᠨ ᠡᠬᠦᠷᠢᠳᠡ ᠲᠠᠭᠠᠬᠤ︾ ᠶᠢ ᠪᠡᠶᠡᠯᠡᠬᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾  ᠤ ᠡᠷᠬᠢᠮ ᠳᠡᠭᠡᠳᠦ ᠢᠷᠠᠭᠤ ᠠᠯᠳᠠᠷ ᠢ ᠬᠠᠮᠠᠭᠠᠯᠠᠬᠤ ᠲᠠᠯ᠎ᠠ ᠪᠠᠷ ᠲᠠᠶᠢᠹᠤᠰᠧ ᠬᠤᠰᠢᠭᠤᠨ ᠤ ᠰᠢᠨ᠎ᠡ ᠡᠭᠦᠷᠭᠡᠯᠡᠯ ᠢ ᠢᠯᠡᠷᠡᠭᠦᠯᠦᠨ᠎ᠡ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠦᠷᠨᠢᠬᠦᠯᠦᠨ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠠᠮᠤᠷ ᠠᠮᠤᠭᠤᠯᠠᠩ ᠲᠠᠶᠢᠹᠤᠰᠧ ᠬᠤᠰᠢᠭᠤᠨ ᠤ ᠪᠠᠶᠢᠭᠤᠯᠤᠯᠳᠠ ᠶᠢ ᠤᠯᠠᠮ ᠬᠦᠨᠵᠡᠬᠡᠶᠢᠷᠡᠬᠦᠯᠦᠨ᠂  ᠵᠥᠷᠢᠴᠡᠯ ᠵᠢᠭᠤᠷᠠᠭᠠᠨ ᠢ ᠤᠯᠠᠨ ᠲᠠᠯ᠎ᠠ ᠠᠴᠠ ᠰᠢᠢᠳᠪᠦᠷᠢᠯᠡᠬᠦ ᠲᠣᠭᠲᠠᠴᠠ ᠶᠢ ᠲᠡᠬᠦᠯᠳᠡᠷᠵᠢᠬᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠲᠣᠪᠣᠶᠢᠮ᠎ᠠ ᠠᠰᠠᠭᠤᠳᠠᠯ ᠢ ᠲᠣᠬᠢᠲᠠᠢ  ᠰᠢᠢᠳᠪᠦᠷᠢᠯᠡᠨ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ  ᠢ ᠬᠠᠮᠠᠭᠠᠯᠠᠬᠤ ᠶᠢᠨ ᠬᠠᠮᠳᠤ᠂  ᠠᠷᠭ᠎ᠠ ᠤᠬᠠᠭᠠᠨ ᠰᠦᠪᠡᠭᠴᠢᠯᠡᠵᠦ ᠪᠠᠶᠢᠭᠠᠳ ᠲᠡᠦᠬᠡᠨ ᠠᠴᠠ ᠦᠯᠡᠳᠡᠭᠳᠡᠵᠦ ᠢᠷᠡᠭᠰᠡᠨ ᠭᠡᠷ ᠪᠠᠶᠢᠰᠢᠩ ᠭᠠᠵᠠᠷ ᠰᠢᠷᠣᠢ ᠶᠢᠨ ᠠᠰᠠᠭᠤᠳᠠᠯ ᠢ  ᠰᠢᠢᠳᠪᠦᠷᠢᠯᠡᠵᠦ᠂   ᠭᠡᠷ ᠪᠠᠶᠢᠰᠢᠩ ᠭᠠᠵᠠᠷ ᠰᠢᠷᠤᠢ ᠶᠢᠨ ᠵᠠᠬ᠎ᠠ ᠲᠡᠯᠬᠡᠬᠦᠷ ᠤᠨ ᠡᠮᠬᠢ ᠲᠢᠭᠯᠡᠮ ᠡᠪᠳᠡᠭᠳᠡᠬᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ︽ᠲᠠᠯᠠᠭᠠᠷ ᠰᠦᠢᠳᠬᠦ︾ ᠶᠢ ᠰᠡᠷᠭᠡᠶᠢᠯᠡᠨ᠎ᠡ᠃ ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ ᠪᠠᠶᠢᠭᠠᠳ ᠭᠠᠵᠠᠷ ᠰᠢᠷᠣᠢ ᠶᠢ ᠰᠤᠯᠠ ᠪᠠᠶᠢᠯᠭᠠᠬᠤ ᠪᠠ  ᠦᠷ᠎ᠡ ᠠᠰᠢᠭ ᠦᠬᠡᠢ ᠭᠡᠷᠡᠭᠯᠡᠬᠦ ᠠᠰᠠᠭᠤᠳᠠᠯ ᠢ ᠵᠠᠰᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ᠂  ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠪᠤᠰᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂  ᠮᠡᠳᠡᠭᠡ ᠵᠠᠩᠭᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠣᠭᠲᠠᠭᠤᠨ ᠢ ᠪᠦᠬᠦ ᠬᠦᠴᠦᠨ ᠢᠶᠠᠷ ᠬᠠᠮᠠᠭᠠᠯᠠᠬᠤ ᠪᠠᠷ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号