ᠬᠤᠰᠢᠭᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠠᠪᠤᠭᠳᠠᠭᠰᠠᠨ
ᠨᠡᠶᠢᠲᠡᠯᠡᠭᠰᠡᠨ ᠴᠠᠭ᠄
2024/2/21
   2 ᠰᠠᠷ᠎ᠠ ᠶᠢᠨ 18 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 3 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ᠂ ᠬᠤᠷᠢᠭ᠎ᠠ ᠱᠤᠭᠤᠮ ᠤᠨ ᠤᠬᠠᠮᠰᠠᠷ ᠢ ᠴᠢᠩᠭᠠᠳᠬᠠᠵᠤ᠂ ᠡᠯ᠎ᠡ ᠲᠦᠷᠦᠯ ᠤᠨ ᠠᠵᠢᠯ ᠤᠨ ᠠᠷᠭ᠎ᠠ ᠬᠡᠮᠵᠢᠶ᠎ᠡ ᠶᠢ ᠴᠢᠩᠭ᠎ᠠ  ᠨᠠᠶᠢᠳᠠᠪᠤᠷᠢᠵᠢᠭᠤᠯᠤᠨ ᠂ ᠡᠯ᠎ᠡ ᠱᠠᠲᠤᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂  ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭᠠᠨ ᠤ ᠪᠠᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠡᠯ᠎ᠡ ᠲᠦᠷᠦᠯ ᠤᠨ ᠠᠵᠢᠯ ᠤᠨ ᠭᠤᠣᠯ ᠰᠢᠵᠢᠮ ᠪᠣᠯᠭᠠᠵᠤ᠂ ︽ᠵᠢᠷᠭᠤᠭᠠᠨ ᠢᠨᠵᠧᠨᠧᠷᠢᠩ︾ ᠢ ᠴᠢᠨᠠᠷ ᠰᠠᠶᠢᠲᠠᠢ ᠨᠠᠶᠢᠳᠠᠪᠤᠷᠢᠵᠢᠭᠤᠯᠬᠤ ᠪᠠᠷ ᠭᠠᠷᠳᠠᠴᠠ ᠪᠤᠯᠭᠠᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ︽ᠬᠤᠶᠠᠷ ᠶᠡᠭᠡ ᠶᠠᠪᠤᠳᠠᠯ︾ ᠢ ᠰᠠᠶᠢᠨ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠲᠡᠰ ᠳᠡᠪᠰᠢᠭᠦᠯᠬᠦ᠂ ᠠᠮᠢ ᠠᠬᠤᠢ ᠶᠢᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠨᠡᠶᠢᠭᠡᠮ ᠤᠨ ᠵᠠᠰᠠᠯᠲᠠ᠂ ᠦᠨᠳᠦᠰᠦᠲᠡᠨ ᠤ ᠪᠦᠯᠬᠦᠮᠳᠡᠯ ᠵᠢᠴᠢ ᠨᠠᠮ ᠤᠨ ᠪᠠᠶᠢᠭᠤᠯᠤᠯᠲᠠ ᠵᠡᠷᠭᠡ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠢ ᠠᠬᠢᠭᠤᠯᠤᠨ ᠰᠢᠨ᠎ᠡ ᠠᠮᠵᠢᠯᠲᠠ ᠳᠤ  ᠬᠦᠷᠭᠡᠵᠦ ᠰᠢᠨ᠎ᠡ ᠳᠡᠭᠲᠡᠷ ᠲᠤ ᠭᠠᠷᠭᠠᠬᠤ ᠬᠡᠷᠡᠭᠲᠡᠢ᠃ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠠ ︽ᠤᠮᠠᠷᠠᠲᠤ ᠣᠷᠣᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠤᠨ᠂ ︽ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠪᠣᠳᠠᠲᠠᠢ ᠶᠠᠪᠤᠳᠠᠯ ᠬᠢᠬᠦ᠂ ᠦᠨᠡᠨ ᠬᠦ ᠠᠵᠢᠯ ᠬᠢᠬᠦ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠵᠠᠮ ᠢᠶᠠᠷ ᠵᠠᠮᠨᠠᠬᠤ︾ ᠳᠡᠭᠡᠷ᠎ᠡ ᠬᠦᠴᠦ ᠲᠠᠯᠪᠢᠵᠤ᠂ ᠨᠠᠩ ᠶᠡᠭᠡ ᠡᠷᠴᠢᠮ ᠪᠠ ᠨᠠᠩ ᠪᠣᠳᠠᠲᠠᠢ ᠠᠷᠭ᠎ᠠ ᠪᠠᠷ ᠪᠥᠬᠦ ᠬᠤᠰᠢᠭᠤᠨ ᠤ ᠡᠯ᠎ᠡ ᠲᠦᠷᠦᠯ ᠤᠨ ᠠᠵᠢᠯ ᠦᠢᠯᠡᠰ ᠤᠨ ᠲᠠᠰᠤᠷᠠᠯᠲᠠ ᠦᠭᠡᠢ ᠬᠥᠭᠵᠢᠬᠦ ᠶᠢ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ  ᠲᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠣᠯᠣᠨ ︽ᠠᠶᠤᠯᠭᠦᠢ ᠦᠢᠯᠡᠳᠪᠦᠷᠢᠯᠡᠯ ᠤᠨ ᠠᠷᠪᠠᠨ ᠲᠠᠪᠤᠨ ᠵᠤᠷᠪᠤᠰ ᠬᠠᠲᠠᠭᠤ ᠠᠷᠭ᠎ᠠ︾᠂ ︽ᠡᠪ ᠬᠠᠮᠳᠤ ᠨᠠᠮ ᠤᠨ ᠭᠡᠰᠢᠭᠦᠨ ᠤ ᠰᠦᠯᠵᠢᠶᠡᠨ ᠤ ᠠᠵᠢᠯᠯᠠᠭ᠎ᠠ ᠶᠢᠨ ᠲᠣᠭᠲᠠᠭᠠᠯ︾ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠤᠯᠠᠮᠵᠢᠯᠠᠨ ᠰᠤᠷᠤᠯᠴᠠᠵᠠᠢ  ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号