ᠲᠠᠶᠢᠹᠤᠰᠧ ᠬᠤᠰᠢᠭᠤᠨ ᠤ ᠬᠢᠨ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠬᠢᠭᠰᠡᠨ
ᠨᠡᠶᠢᠲᠡᠯᠡᠭᠰᠡᠨ ᠴᠠᠭ᠄
2024/2/21
   2 ᠰᠠᠷ᠎ᠠ ᠶᠢᠨ 19 ᠤ ᠡᠳᠦᠷ᠂ ᠲᠠᠶᠢᠹᠤᠰᠧ ᠬᠤᠰᠢᠭᠤᠨ ᠤ 2024 ᠣᠨ ᠤ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ  ᠶᠠᠪᠤᠭᠳᠠᠵᠤ  ᠂ ᠴᠡᠷᠢᠭ ᠲᠤ ᠤᠷᠤᠬᠤ ᠬᠦᠰᠡᠯ ᠲᠠᠢ 40 ᠵᠠᠯᠠᠭᠤ ᠠᠳᠡ ︽ᠠᠩᠬᠠᠨ ᠤ ᠰᠢᠯᠭᠠᠯᠲᠠ︾  ᠳᠤ ᠤᠷᠤᠯᠴᠠᠯ᠎ᠠ᠃ ᠪᠡᠶ᠎ᠡ ᠶᠢᠨ ᠪᠠᠶᠢᠴᠠᠭᠠᠯᠲᠠ ᠶᠢᠨ ᠠᠬᠤᠢ ᠲᠠᠯᠠᠪᠠᠢ ᠳᠤ᠂  ᠠᠵᠢᠯᠲᠠᠳ ᠡᠮᠬᠢ ᠵᠢᠷᠤᠮ ᠲᠠᠢ ᠪᠠᠷ ᠵᠢᠭᠠᠨ ᠵᠢᠯᠤᠭᠤᠳᠴᠤ᠂ ᠬᠤᠪᠢ ᠬᠥᠮᠥᠨ ᠤ ᠮᠡᠳᠡᠭᠡ ᠵᠠᠩᠭᠢ᠂ ᠪᠦᠷᠢᠳᠬᠡᠯ ᠤᠨ ᠬᠦᠰᠦᠨᠦᠭᠲᠦ ᠶᠢ ᠬᠠᠷᠭᠤᠭᠤᠯᠤᠭᠰᠠᠨ ᠤ ᠳᠠᠷᠠᠭ᠎ᠠ᠂  ᠵᠠᠯᠠᠭᠤᠴᠤᠳ ᠢ ᠵᠣᠬᠢᠶᠠᠨ ᠪᠠᠶᠢᠭᠤᠯᠵᠤ ᠳᠣᠲᠣᠷ ᠡᠪᠡᠳᠴᠢᠨ ᠤ ᠰᠠᠯᠠᠭ᠎ᠠ᠂ ᠭᠠᠳᠠᠷ ᠡᠪᠡᠳᠴᠢᠨ ᠤ ᠰᠠᠯᠠᠭ᠎ᠠ᠂ ᠴᠢᠬᠢ ᠬᠠᠮᠠᠷ ᠬᠤᠭᠤᠯᠠᠢ ᠶᠢᠨ ᠰᠠᠯᠠᠭ᠎ᠠ ᠵᠡᠷᠭᠡ ᠰᠠᠯᠠᠭ᠎ᠠ ᠲᠠᠰᠤᠭ  ᠲᠤ ᠪᠦᠯᠦᠭ ᠬᠤᠪᠢᠶᠠᠨ ᠪᠠᠶᠢᠴᠠᠭᠠᠯᠲᠠ ᠬᠢᠯᠬᠡᠵᠡᠢ᠃ ᠡᠮᠨᠡᠯᠭᠡ ᠶᠢᠨ ᠠᠵᠢᠯᠲᠠᠳ ᠪᠡᠶ᠎ᠡ ᠶᠢᠨ ᠪᠠᠶᠢᠴᠠᠭᠠᠯᠲᠠ ᠶᠢᠨ ᠱᠠᠭᠠᠷᠳᠠᠯᠭ᠎ᠠ ᠪᠠᠷᠢᠮᠵᠢᠶ᠎ᠠ ᠶᠢ ᠴᠢᠩᠭ᠎ᠠ ᠵᠢᠷᠤᠮᠯᠠᠵᠤ᠂ ᠳᠡᠭᠡᠳᠦ  ᠬᠡᠮᠵᠢᠶᠡᠨ ᠤ ᠬᠠᠷᠢᠭᠤᠴᠠᠯᠭᠠᠳᠤ ᠣᠪᠣᠷ ᠢᠶᠠᠷ ᠪᠡᠶ᠎ᠡ ᠶᠢᠨ ᠪᠠᠶᠢᠴᠠᠭᠠᠯᠲᠠ ᠶᠢᠨ ᠭᠤᠭᠴᠤᠭ᠎ᠠ ᠨᠢᠭᠡᠪᠦᠷᠢ ᠶᠢ ᠴᠢᠩᠭ᠎ᠠ  ᠡᠵᠡᠮᠳᠡᠵᠦ ᠪᠠᠶᠢᠴᠠᠭᠠᠯᠳᠠ ᠬᠢᠭᠰᠡᠨ ᠪᠦᠭᠡᠳ ︽ᠠᠷᠢᠭᠤᠨ ᠴᠢᠬᠡᠴᠢ ᠪᠠᠷ ᠴᠡᠷᠢᠭ ᠡᠯᠰᠡᠬᠦ ᠳᠤ ᠬᠢᠨᠠᠯᠲᠠ ᠲᠠᠯᠪᠢᠭᠴᠢ︾   ᠠᠴᠠ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠪᠥᠬᠦ ᠶᠠᠪᠤᠴᠠ ᠳᠤ ᠬᠢᠨᠠᠯᠲᠠ ᠲᠠᠯᠪᠢᠵᠤ᠂ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠡᠷᠬᠡ ᠲᠡᠭᠰᠢ᠂ ᠲᠥᠪ ᠭᠤᠥᠯᠴᠢ ᠶᠠᠪᠤᠭᠳᠠᠬᠤ ᠶᠢ ᠦᠨᠡᠨ ᠬᠦ  ᠪᠠᠳᠤᠯᠠᠭᠰᠠᠨ ᠪᠠᠶᠢᠨ᠎ᠠ᠃  ᠬᠤᠰᠢᠭᠤ ᠨᠠᠮ ᠤᠨ  ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠴᠡᠷᠢᠭ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢᠦ ᠰᠢᠨ ᠹᠧᠩ  ᠠᠬᠤᠢ ᠲᠠᠯᠠᠪᠠᠶ ᠳᠤ ᠬᠦᠷᠴᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠬᠢᠨᠠᠨ ᠵᠢᠯᠣᠭᠤᠳᠪᠠ᠃ ᠣᠶᠢᠯᠠᠭᠠᠭᠰᠠᠨ ᠢᠶᠠᠷ᠂ 2024 ᠣᠨ ᠤ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠠᠵᠢᠯ ᠡᠬᠢᠯᠡᠭᠰᠡᠨ ᠠᠴᠠ ᠨᠠᠰᠢ᠂  ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠨᠢ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠴᠡᠷᠢᠭ ᠡᠯᠰᠡᠬᠦ ᠤᠬᠠᠭᠤᠯᠭ᠎ᠠ ᠳᠠᠶᠢᠴᠢᠯᠠᠯᠲᠠ ᠶᠢ ᠥᠷᠭᠡᠨ ᠢᠶᠠᠷ ᠥᠷᠨᠢᠭᠦᠯᠵᠦ᠂ ᠵᠣᠬᠢᠬᠤ ᠨᠠᠰᠤᠨ ᠤ ᠵᠠᠯᠠᠭᠤᠴᠤᠳ ᠤᠨ ᠴᠡᠷᠢᠭ ᠲᠤ ᠣᠷᠣᠬᠤ ᠢᠳᠡᠪᠬᠢᠵᠢᠯ ᠢ ᠭᠦᠢᠴᠡᠳ ᠳᠠᠶᠢᠴᠢᠯᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠤᠨ ᠠᠵᠢᠯ ᠤᠨ ᠳᠤᠮᠳᠠ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠨᠢ  ᠬᠢᠨᠠᠯᠳᠠ ᠪᠠᠶᠢᠴᠠᠭᠠᠯᠳᠠ ᠶᠢ ᠦᠷᠬᠦᠯᠵᠢᠯᠡᠨ ᠴᠢᠩᠭᠠᠳᠬᠠᠵᠤ᠂ ᠠᠯᠬᠤᠮ ᠶᠠᠪᠤᠴᠠ ᠶᠢ ᠤᠯᠠᠮ ᠲᠦᠷᠢᠮᠵᠢᠬᠦᠯᠦᠨ᠂ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠬᠦ ᠪᠤᠯᠤᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号