ᠴᠧᠨ ᠶᠠᠨ ᠪᠦᠦ ᠴᠢᠭᠤᠯᠤᠯᠲᠤ ᠬᠠᠭᠠᠯᠭ᠎ᠠ ᠳᠤ ᠬᠦᠷᠴᠦ ᠠᠷᠠᠯᠵᠢᠶᠠᠴᠢᠨ ᠤᠷᠢᠬᠤ ᠠᠵᠢᠯ ᠢ ᠵᠤᠯᠭᠠᠭᠤᠯᠤᠭᠰᠠᠨ
ᠨᠡᠶᠢᠲᠡᠯᠡᠭᠰᠡᠨ ᠴᠠᠭ᠄
2024/2/21
   2 ᠰᠠᠷ᠎ᠠ ᠶᠢᠨ 19 ᠤ ᠡᠳᠦᠷ᠂  ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠪᠦᠯᠬᠦᠮ ᠳᠠᠭᠠᠭᠤᠯᠤᠨ ᠾᠧᠪᠧᠢ ᠮᠤᠵᠢ ᠶᠢᠨ ᠴᠢᠭᠤᠯᠤᠯᠲᠤ ᠬᠠᠭᠠᠯᠭ᠎ᠠ ᠬᠤᠲᠠ ᠳᠤ ᠬᠦᠷᠴᠦ ᠬᠠᠭᠠᠰ ᠳᠠᠮᠵᠢᠭᠤᠯᠤᠭᠴᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠰᠢᠨᠵᠢᠯᠡᠨ ᠪᠠᠶᠢᠴᠠᠭᠠᠵᠤ᠂ ᠪᠡᠯᠡ ᠣᠷᠣᠭᠤᠯᠤᠨ ᠬᠠᠮᠲᠤᠷᠠᠯᠴᠠᠬᠤ ᠤᠴᠢᠷ ᠶᠠᠪᠤᠳᠠᠯ ᠢ ᠵᠥᠪᠳᠡᠯᠴᠡᠪᠡ᠃ ᠴᠧᠨ ᠶᠠᠨ ᠪᠦᠦ ᠵᠡᠷᠭᠡ ᠬᠦᠮᠦᠰ ᠵᠦᠩ ᠺᠧ ᠬᠠᠨ ᠪᠠᠩ ᠮᠠᠰᠢᠨ ᠴᠠᠬᠢᠯᠭᠠᠨ ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ ᠳᠤ ᠰᠢᠨᠵᠢᠯᠡᠨ ᠪᠠᠶᠢᠴᠠᠭᠠᠬᠤ ᠶᠠᠪᠤᠴᠠ ᠳᠠᠭᠠᠨ ᠠᠵᠤ ᠠᠬᠤᠶᠢᠯᠠᠯ ᠤᠨ ᠦᠵᠡᠭᠦᠯᠦᠯᠭᠡ ᠶᠢᠨ ᠲᠢᠩᠬᠢᠮ᠂ ᠦᠢᠯᠡᠳᠪᠦᠷᠢᠯᠡᠯ ᠤᠨ ᠲᠠᠰᠤᠭ ᠢ ᠲᠣᠭᠤᠷᠢᠨ ᠦᠵᠡᠭᠰᠡᠨ ᠪᠠᠶᠢᠨ᠎ᠠ᠃ ᠶᠠᠷᠢᠯᠴᠠᠬᠤ ᠬᠤᠷᠠᠯ ᠳᠡᠭᠡᠷ᠎ᠡ᠂ ᠴᠧᠨ ᠶᠠᠨ ᠪᠦᠦ ᠰᠢᠯᠢ ᠶᠢᠨ ᠭᠤᠣᠯ ᠠᠶᠢᠮᠠᠭ ᠤᠨ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠲᠦᠷᠦ ᠶᠢᠨ ᠪᠣᠳᠣᠯᠭ᠎ᠠ  ᠬᠢᠭᠡᠳ  ᠲᠠᠶᠢᠹᠤᠰᠧ ᠬᠤᠰᠢᠭᠤᠨ ᠤ ᠣᠷᠣᠨ ᠪᠠᠶᠢᠴᠠ᠂ ᠵᠠᠮ ᠬᠠᠷᠢᠯᠴᠠᠭ᠎ᠠ᠂ ᠴᠠᠬᠢᠯᠭᠠᠨ ᠤ ᠦᠨ᠎ᠡ ᠵᠡᠷᠭᠡ  ᠲᠠᠯ᠎ᠠ ᠶᠢᠨ ᠬᠠᠷᠢᠴᠠᠩᠭᠤᠢ ᠳᠠᠪᠠᠭᠤᠯᠢᠭ ᠵᠢᠴᠢ ᠠᠵᠤ ᠦᠢᠯᠡᠰ ᠤᠨ ᠰᠠᠭᠤᠷᠢ᠂ ᠬᠥᠭᠵᠢᠯᠲᠡ ᠶᠢᠨ ᠣᠷᠴᠢᠨ  ᠨᠦᠬᠦᠴᠡᠯ᠂ ᠠᠵᠠ ᠲᠣᠬᠢᠶᠠᠯ ᠤᠨ ᠳᠠᠪᠠᠭᠤᠯᠢᠭ ᠢ ᠨᠠᠷᠢᠨ ᠲᠠᠨᠢᠯᠴᠠᠭᠤᠯᠵᠠᠢ᠃  ᠠᠵᠤ ᠠᠬᠤᠶᠢᠯᠠᠯ ᠤᠨ  ᠬᠢᠨ ᠢᠯᠡᠷᠬᠡᠶᠢᠯᠡᠬᠦ ᠳᠡᠭᠡᠨ᠂ ᠲᠠᠶᠢᠹᠤᠰᠧ ᠬᠤᠰᠢᠭᠤᠨ ᠤ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ  ᠰᠠᠶᠢᠨ᠂  ᠭᠤᠤᠯ  ᠪᠤᠯᠬᠤ ᠬᠦᠴᠦᠨ ᠵᠦᠢᠯ ᠤᠨ ᠪᠠᠲᠤᠯᠠᠭ᠎ᠠ ᠭᠦᠢᠴᠡᠳ ᠪᠠᠶᠢᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠴᠢᠭᠯᠡᠯ ᠲᠠᠢ ᠨᠡᠶᠢᠴᠡᠵᠦ᠂ ᠮᠠᠰᠢ ᠶᠡᠭᠡ ᠲᠠᠲᠠᠬᠤ ᠬᠦᠴᠦᠨ ᠲᠠᠢ ᠪᠠᠶᠢᠭ᠎ᠠ ᠪᠣᠯᠬᠤᠷ ᠠᠯᠢ ᠲᠦᠷᠭᠡᠨ ᠢᠶᠠᠷ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠭᠦᠨᠵᠡᠭᠡᠢ ᠪᠥᠭᠡᠳ ᠨᠠᠷᠢᠯᠢᠭ ᠣᠨᠣᠴᠠᠲᠠᠢ ᠪᠠᠷ ᠵᠤᠯᠭᠠᠭᠤᠯᠤᠨ᠂  ᠡᠷᠳᠡ ᠨᠢᠬᠡ ᠡᠳᠦᠷ ᠬᠠᠮᠲᠤᠷᠠᠯᠴᠠᠭᠠᠨ ᠤ ᠦᠷ᠎ᠡ ᠪᠦᠲᠦᠭᠡᠯ ᠣᠯᠬᠤ ᠪᠠᠷ ᠴᠢᠷᠮᠠᠶᠢᠨ᠎ᠠ ᠭᠡᠵᠡᠢ᠃ ᠪᠦᠦ ᠴᠢᠩ ᠱᠠᠨ᠂ ᠮᠠ ᠵᠦᠩ ᠰᠢᠶᠦ᠋ᠨ ᠵᠢᠴᠢ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ᠂ ᠥᠪᠥᠷ ᠮᠣᠩᠭᠤᠯ ᠤᠨ ᠲᠠᠩ ᠾᠧ  ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠬᠤ ᠠᠵᠢᠯᠯᠠᠭ᠎ᠠ ᠳᠤ ᠣᠷᠣᠯᠴᠠᠪᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号