ᠠᠷᠢᠭᠤᠨ ᠴᠢᠬᠡᠴᠢ ᠪᠠᠷ ᠴᠡᠷᠢᠭ ᠡᠯᠰᠡᠬᠦ ᠢᠯᠡ ᠵᠠᠬᠢᠳᠠᠯ
ᠨᠡᠶᠢᠲᠡᠯᠡᠭᠰᠡᠨ ᠴᠠᠭ᠄
2024/2/21
ᠪᠥᠬᠦ ᠬᠤᠰᠢᠭᠤᠨ ᠤ ᠥᠷᠭᠡᠨ ᠣᠯᠠᠨ ᠴᠡᠷᠢᠭ ᠲᠤ ᠡᠯᠰᠡᠭᠳᠡᠬᠦ ᠵᠠᠯᠠᠭᠤᠴᠤᠳ ᠪᠠ ᠲᠡᠳᠡᠨ ᠤ ᠭᠡᠷ ᠤᠨ ᠠᠬᠠᠮᠠᠳ ᠲᠤ᠄    ᠲᠠ ᠪᠦᠬᠦᠨ ᠰᠠᠶᠢᠨ ᠪᠠᠶᠢᠨ᠎ᠠ ᠤᠤ︕ ᠬᠠᠤᠯᠢ ᠶᠣᠰᠣᠭᠠᠷ ᠴᠡᠷᠢᠭ ᠤᠨ ᠠᠯᠪᠠ ᠬᠠᠭᠠᠬᠤ ᠪᠣᠯ ᠵᠣᠬᠢᠬᠤ ᠨᠠᠰᠤᠨ ᠤ ᠵᠠᠯᠠᠭᠤᠴᠤᠳ ᠨᠢᠭᠡᠪᠦᠷᠢ ᠶᠢᠨ ᠭᠦᠢᠴᠡᠳᠬᠡᠪᠡᠰᠦ ᠵᠣᠬᠢᠬᠤ ᠡᠭᠦᠷᠭᠡ  ᠂ ᠴᠡᠷᠢᠭ ᠲᠤ ᠣᠷᠣᠵᠤ ᠤᠯᠤᠰ ᠲᠠᠭᠠᠨ ᠵᠢᠳᠬᠦᠬᠦ ᠪᠣᠯ ᠬᠦᠰᠡᠯ ᠵᠣᠷᠢᠯᠲᠠ ᠲᠠᠢ ᠵᠠᠯᠠᠭᠤᠴᠤᠳ ᠨᠢᠭᠡᠪᠦᠷᠢ ᠶᠢᠨ ᠦᠩᠭᠡ ᠭᠡᠷᠡᠯᠳᠦ ᠰᠣᠩᠭᠤᠯᠲᠠ ᠶᠤᠮ᠃ ᠪᠢᠳᠡ ᠪᠥᠬᠦ ᠬᠤᠰᠢᠭᠤᠨ ᠤ ᠥᠷᠭᠡᠨ ᠣᠯᠠᠨ ᠵᠠᠯᠠᠭᠤᠴᠤᠳ ᠤᠨ ᠢᠳᠡᠪᠬᠢᠲᠡᠢ ᠪᠠᠷ ᠨᠡᠷ᠎ᠡ ᠮᠡᠳᠡᠭᠦᠯᠵᠦ ᠴᠡᠷᠢᠭ ᠲᠤ ᠤᠷᠤᠬᠤ   ᠶᠢ ᠬᠠᠯᠠᠭᠤᠨ ᠢᠶᠠᠷ ᠤᠭᠲᠤᠵᠤ ᠪᠠᠶᠢᠨ᠎ᠠ︕       ᠴᠡᠷᠢᠭ ᠡᠯᠰᠡᠬᠦ ᠪᠣᠯ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠢᠨᠵᠧᠨᠧᠷᠢᠩ  ᠂ ᠴᠡᠷᠢᠭ ᠠᠩᠭᠢ ᠶᠢ ᠡᠬᠢ ᠰᠤᠷᠪᠤᠯᠵᠢ ᠠᠴᠠ ᠨᠢ ᠴᠡᠪᠡᠷᠰᠢᠭᠦᠯᠦᠨ ᠪᠠᠬᠢᠵᠢᠭᠦᠯᠬᠦ᠂ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠶᠢ ᠪᠡᠶᠡᠯᠡᠭᠦᠯᠬᠦ ᠶᠢᠨ ᠴᠢᠬᠤᠯᠠ ᠪᠠᠲᠤᠯᠠᠭ᠎ᠠ  ᠂ ᠨᠢᠭᠡᠨ ᠲᠥᠪ ᠴᠢᠩᠭ᠎ᠠ ᠤᠯᠤᠰ ᠲᠦᠷᠦ ᠶᠢᠨ ᠡᠭᠦᠷᠭᠡ ᠮᠥᠨ᠃  ᠬᠠᠤᠯᠢ ᠴᠠᠭᠠᠵᠠ ᠰᠠᠬᠢᠯᠭ᠎ᠠ ᠲᠦᠷᠢᠮ ᠢ ᠵᠢᠷᠤᠮᠯᠠᠵᠤ᠂ ᠢᠯᠡ ᠲᠣᠳᠣ ᠡᠷᠬᠡ ᠲᠡᠭᠰᠢ ᠲᠥᠪ ᠭᠤᠣᠯᠴᠢ ᠪᠠᠶᠢᠬᠤ ᠪᠣᠯ ᠴᠡᠷᠢᠭ ᠡᠯᠰᠡᠬᠦ ᠠᠵᠢᠯ ᠤᠨ ᠦᠨᠳᠦᠰᠦᠨ ᠱᠠᠭᠠᠷᠳᠠᠯᠭ᠎ᠠ᠂ ᠴᠡᠷᠢᠭ ᠠᠩᠭᠢ ᠪᠠ ᠣᠷᠣᠨ ᠨᠤᠲᠤᠭ ᠤᠨ ᠡᠯ᠎ᠡ ᠰᠠᠯᠠᠭ᠎ᠠ ᠮᠥᠴᠢᠷ ᠤᠨ ᠤᠯᠤᠰ ᠲᠥᠷᠥ ᠶᠢᠨ ᠬᠠᠷᠢᠭᠤᠴᠠᠯᠭ᠎ᠠ  ᠂ ᠮᠥᠨ ᠴᠦ ᠥᠷᠭᠡᠨ ᠤᠯᠠᠨ ᠴᠡᠷᠢᠭ ᠲᠤ ᠡᠯᠰᠡᠭᠳᠡᠬᠦ ᠵᠠᠯᠠᠭᠤᠴᠤᠳ ᠪᠠ ᠲᠡᠳᠡᠨ ᠤ ᠭᠡᠷ ᠤᠨ ᠠᠬᠠᠮᠠᠳ ᠤᠨ ᠬᠠᠮᠲᠤ ᠶᠢᠨ ᠬᠦᠰᠡᠯ ᠡᠷᠡᠮᠡᠯᠵᠡᠯ ᠮᠥᠨ᠃ ᠪᠢᠳᠡ ᠡᠷᠭᠡᠪᠰᠢ ᠤᠯᠤᠰ ᠲᠦᠷᠦ ᠪᠠ ᠪᠦᠬᠦ ᠲᠠᠯ᠎ᠠ ᠶᠢᠨ ᠥᠨᠳᠥᠷᠴᠡ  ᠠᠴᠠ ᠨᠠᠮ ᠤᠨ ᠦᠢᠯᠡᠰ ᠪᠠ ᠴᠡᠷᠢᠭ ᠠᠩᠭᠢ ᠶᠢᠨ ᠪᠠᠶᠢᠭᠤᠯᠤᠯᠲᠠ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠷᠢᠭᠤᠨ ᠴᠢᠬᠡᠴᠢ ᠪᠠᠷ ᠴᠡᠷᠢᠭ ᠡᠯᠰᠡᠬᠦ ᠶᠢ ᠴᠢᠩᠭ᠎ᠠ ᠪᠣᠳᠠᠲᠠᠢ ᠠᠳᠬᠤᠵᠤ᠂ ᠴᠡᠷᠢᠭ ᠡᠯᠰᠡᠬᠦ ᠠᠵᠢᠯ ᠤᠨ ᠳᠤᠮᠳᠠᠬᠢ ︽ᠪᠢᠴᠢᠯ ᠢᠯᠵᠠᠷᠠᠯ︾ ᠢ ᠵᠠᠯᠠᠷᠠᠭᠤᠯᠤᠨ᠂ ᠰᠠᠬᠢᠯᠭ᠎ᠠ ᠪᠠᠲᠤ  ᠵᠥᠷᠢᠴᠡᠭᠰᠡᠨ ᠬᠥᠮᠥᠨ ᠪᠠ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠭᠡᠷᠡᠭᠳᠡᠢ᠃     ᠴᠡᠷᠢᠭ ᠲᠤ ᠣᠷᠣᠬᠤ ᠪᠣᠯ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠤᠪᠢ ᠨᠡᠮᠡᠷᠢ ᠪᠠᠨ ᠦᠵᠡᠭᠦᠯᠵᠦ ᠪᠠᠶᠢᠭ᠎ᠠ ᠶᠠᠪᠤᠳᠠᠯ ᠮᠥᠨ᠂  ᠵᠤᠭᠤᠰ ᠮᠥᠩᠭᠦ  ᠭᠡᠷᠡᠭᠰᠡᠬᠦ  ᠦᠭᠡᠢ᠂  ᠵᠠᠷᠤᠳᠠᠯ ᠰᠦᠢᠳᠬᠡᠯ ᠲᠤᠰᠢᠶᠠᠬᠤ ᠦᠭᠡᠢ᠂   ᠪᠡᠯᠡᠭ ᠰᠡᠯᠳᠡ ᠬᠦᠷᠭᠡᠵᠦ᠂  ᠬᠤᠭᠤᠯᠠ  ᠪᠤᠳᠠᠭ᠎ᠠ ᠢᠳᠡᠬᠦᠯᠬᠦ ᠴᠢᠬᠤᠯᠠ ᠨᠡᠩ ᠴᠤ ᠦᠬᠡᠢ᠃  ᠪᠡᠶ᠎ᠡ ᠶᠢᠨ ᠪᠠᠶᠢᠴᠠᠭᠠᠯᠲᠠ᠂ ᠤᠯᠤᠰ ᠲᠥᠷᠥ ᠶᠢᠨ ᠪᠠᠶᠢᠴᠠᠭᠠᠯᠲᠠ᠂ ᠴᠡᠷᠢᠭ ᠤᠨ ᠠᠯᠪᠠᠨ ᠠᠴᠠ ᠡᠮᠦᠨᠡᠬᠢ ᠪᠣᠯᠪᠠᠰᠤᠷᠠᠯ᠂  ᠴᠡᠷᠢᠭ  ᠤᠨ ᠨᠡᠷᠡᠰ ᠢ ᠬᠢᠨᠠᠨ ᠲᠣᠭᠲᠠᠭᠠᠬᠤ ᠵᠡᠷᠭᠡ ᠡᠯ᠎ᠡ ᠭᠤᠭᠴᠤᠭ᠎ᠠ ᠳᠤ᠂ ᠬᠡᠷᠪᠡ ᠵᠠᠷᠢᠮ ᠬᠥᠮᠥᠨ ᠲᠦᠷᠢᠮ ᠲᠣᠭᠲᠠᠭᠠᠯ   ᠠᠴᠠ ᠵᠥᠷᠢᠴᠡᠵᠦ᠂  ᠭᠦᠢᠴᠡᠳᠬᠡᠯ ᠲᠤᠭ᠎ᠠ ᠶᠢ ᠳᠤᠷ᠎ᠠ ᠪᠠᠷ ᠲᠤᠬᠢᠷᠠᠭᠤᠯᠤᠭᠰᠠᠨ᠂  ᠨᠥᠬᠦᠴᠡᠯ  ᠪᠠᠷᠢᠮᠵᠢᠶ᠎ᠠ ᠶᠢ ᠳᠤᠷ᠎ᠠ ᠪᠠᠷ ᠢᠶᠠᠨ  ᠦᠬᠡᠷᠡᠴᠢᠯᠡᠭᠰᠡᠨ᠂ ᠬᠤᠳᠠᠯ ᠬᠡᠯᠡᠵᠦ ᠬᠠᠭᠤᠷᠮᠠᠭ ᠢᠶᠠᠷ ᠦᠢᠯᠡᠳᠦᠭᠰᠡᠨ᠂  ᠰᠢᠯᠳᠠᠭ ᠡᠷᠢᠵᠦ  ᠵᠣᠷᠢᠭᠤᠳᠠ ᠭᠠᠴᠢᠭᠰᠠᠨ᠂ ᠴᠢᠨᠠᠭᠰᠢᠯᠠᠪᠠᠯ ᠬᠤᠭᠤᠯᠠ  ᠪᠤᠳᠠᠭ᠎ᠠ ᠢᠳᠡᠵᠦ  ᠂ ᠡᠳ᠋ ᠮᠥᠩᠭᠦ ᠬᠤᠷᠢᠶᠠᠭᠰᠠᠨ  ᠵᠡᠷᠭᠡ  ᠬᠠᠤᠯᠢ ᠪᠤᠰᠤ ᠦᠢᠯᠡ ᠠᠵᠢᠯᠯᠠᠭ᠎ᠠ   ᠶᠢ ᠣᠯᠵᠤ ᠮᠡᠳᠡᠪᠡᠯ᠂ ᠴᠠᠭ ᠲᠤᠬᠠᠢ ᠳᠤᠨᠢ ᠢᠯᠡᠴᠢᠯᠡᠨ ᠮᠡᠳᠡᠭᠦᠯᠦᠭᠡᠷᠡᠢ᠃ ᠪᠢᠳᠡ ᠯᠠᠪᠲᠠᠶ᠎ᠠ ᠴᠢᠩᠭ᠎ᠠ ᠨᠢᠮᠪᠠᠢ ᠪᠠᠶᠢᠴᠠᠭᠠᠨ ᠰᠢᠢᠳᠪᠦᠷᠢᠯᠡᠬᠦ   ᠶᠢᠨ ᠬᠠᠮᠲᠤ ᠢᠯᠡᠴᠢᠯᠡᠨ ᠮᠡᠳᠡᠭᠦᠯᠦᠭᠴᠢ ᠶᠢᠨ ᠨᠢᠭᠤᠴᠠ ᠶᠢ ᠬᠠᠮᠠᠭᠠᠯᠠᠨ᠎ᠠ᠃     ᠲᠠᠨ ᠪᠦᠬᠦᠨ ᠤ ᠮᠠᠨ ᠤ ᠠᠵᠢᠯ ᠳᠤ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠵᠤ ᠪᠠᠶᠢᠬᠤ ᠪᠥᠭᠡᠳ ᠤᠯᠠᠨ ᠢᠶᠠᠷ ᠢᠶᠠᠨ ᠴᠡᠷᠢᠭ ᠡᠯᠰᠡᠬᠦ ᠰᠠᠬᠢᠯᠭ᠎ᠠ ᠲᠦᠷᠢᠮ ᠢ ᠴᠢᠩᠭ᠎ᠠ ᠵᠢᠷᠤᠮᠯᠠᠵᠤ᠂ ᠠᠷᠢᠭᠤᠨ ᠴᠢᠬᠡᠴᠢ ᠪᠠᠷ ᠴᠡᠷᠢᠭ ᠡᠯᠰᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠬᠤ ᠶᠢ ᠬᠦᠰᠡᠵᠦ ᠪᠠᠶᠢᠨ᠎ᠠ᠃  ᠵᠣᠭᠤᠰ ᠮᠥᠩᠭᠦ ᠡᠳ᠋ ᠪᠣᠳᠠᠰ ᠬᠦᠷᠭᠡᠵᠦ᠂ ᠵᠦᠢ ᠪᠤᠰᠤ ᠠᠷᠭ᠎ᠠ ᠵᠠᠮ ᠢᠶᠠᠷ ᠴᠡᠷᠢᠭ ᠲᠤ ᠤᠷᠤᠭᠰᠠᠨ ᠢ ᠣᠯᠵᠤ ᠮᠡᠳᠡᠪᠡᠯ᠂ ᠲᠤᠬᠠᠢ ᠶᠢᠨ ᠬᠥᠮᠥᠨ ᠠᠴᠠ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠬᠠᠮᠤᠭ ᠰᠡᠬᠦᠯ ᠳᠤᠨᠢ᠂  ᠰᠠᠨᠠᠭᠰᠠᠨ ᠶᠠᠪᠤᠳᠠᠯ ᠴᠢᠨᠢ ᠰᠡᠳᠬᠢᠯᠴᠢᠯᠡᠨ ᠪᠦᠳᠦᠵᠦ  ᠂ ᠵᠤᠷᠢᠭᠰᠠᠨ ᠦᠢᠯᠡᠰ ᠴᠢᠨᠢ ᠬᠦᠰᠡᠯᠴᠢᠯᠡᠨ ᠪᠡᠶᠡᠯᠡᠭᠳᠡᠬᠦ ᠶᠢ ᠵᠥᠩᠨᠡᠶ᠎ᠡ᠃                               ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠴᠡᠷᠢᠭ ᠡᠯᠰᠡᠬᠦ ᠠᠯᠪᠠᠨ ᠭᠡᠷ   ᠲᠠᠶᠢᠹᠤᠰᠧ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ                                   2024 ᠣᠨ ᠤ 2 ᠰᠠᠷ᠎ᠠ ᠶᠢᠨ 20 ᠤ  ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号