ᠴᠢᠶᠠᠨ ᠶᠢᠨ ᠭᠧᠦ ᠪᠠᠯᠭᠠᠰᠤ ᠬᠤᠶᠠᠷ ᠱᠠᠳᠤᠨ ᠤ ᠺᠠᠳ᠋ᠷᠴᠤᠳ ᠤᠨ ᠬᠤᠷᠠᠯ ᠬᠢᠭᠰᠡᠨ
ᠨᠡᠶᠢᠲᠡᠯᠡᠭᠰᠡᠨ ᠴᠠᠭ᠄
2024/2/21
   2 ᠰᠠᠷ᠎ᠠ ᠶᠢᠨ 20  ᠤ ᠡᠳᠦᠷ᠂ ᠴᠢᠶᠠᠨ ᠶᠢᠨ ᠭᠧᠦ ᠪᠠᠯᠭᠠᠰᠤᠨ ᠤ ᠬᠢᠨ ᠪᠠᠯᠭᠠᠰᠤ ᠲᠣᠰᠬᠤᠨ ᠬᠤᠶᠠᠷ ᠱᠠᠳᠤᠨ ᠤ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂   ᠨᠠᠮ ᠤᠨ ᠬᠤᠷᠢᠶᠠᠨ ᠤ ᠱᠦᠵᠢ ᠭᠤᠸ ᠶᠢᠩ ᠵᠦᠸᠧ  ᠬᠤᠷᠠᠯ ᠢ ᠡᠷᠬᠢᠯᠡᠨ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂  ᠪᠠᠶᠢᠭᠤᠯᠭ᠎ᠠ ᠨᠢᠭᠡᠴᠡ   ᠶᠢᠨ ᠬᠠᠷᠢᠭᠤᠴᠠᠯᠭᠠᠲᠠᠨ᠂ ᠪᠠᠯᠭᠠᠰᠤᠨ ᠤ ᠺᠠᠳ᠋ᠷ ᠠᠵᠢᠯᠲᠠᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠵᠠᠢ᠃ ᠬᠤᠷᠠᠯ   ᠠᠴᠠ᠂  ᠰᠢᠨ᠎ᠡ ᠨᠢᠭᠡᠨ ᠵᠢᠯ ᠳᠤ ᠪᠦᠬᠦ ᠪᠠᠯᠭᠠᠰᠤᠨ ᠤ ᠺᠠᠳ᠋ᠷ ᠠᠵᠢᠯᠲᠠᠨ ᠴᠤᠭ ᠰᠦᠯᠳᠡ ᠪᠠᠨ ᠬᠦᠢᠴᠡᠳ ᠪᠠᠳᠠᠷᠠᠭᠤᠯᠵᠤ᠂ ᠥᠭᠡᠳᠡᠯᠡᠨ ᠳᠠᠪᠰᠢᠬᠤ ᠣᠶᠤᠨ ᠰᠠᠨᠠᠭᠠᠨ ᠤ ᠪᠠᠶᠢᠳᠠᠯ᠂ ᠬᠦᠴᠢᠷ   ᠢ ᠰᠥᠷᠦᠨ ᠤᠷᠤᠭᠰᠢᠯᠠᠬᠤ ᠠᠵᠢᠯ ᠤᠨ ᠣᠪᠣᠷ᠂  ᠪᠤᠳᠠᠳᠠᠢ ᠶᠢ ᠡᠷᠬᠢᠮᠯᠡᠬᠦ ᠠᠵᠢᠯ ᠤᠨ ᠰᠤᠷᠲᠠᠯ   ᠢ ᠪᠠᠷᠢᠮᠲᠠᠯᠠᠨ᠂  ᠪᠦᠬᠦ ᠵᠢᠯ ᠤᠨ ᠬᠠᠷᠠᠯᠲᠠ ᠪᠠᠨ ᠲᠡᠭᠦᠰ ᠠᠮᠵᠢᠯᠲᠠ  ᠲᠠᠢ ᠪᠡᠶᠡᠯᠡᠭᠦᠯᠬᠦ   ᠶᠢᠨ ᠲᠥᠯᠥᠭᠡ ᠰᠠᠶᠢᠨ ᠭᠠᠷᠤᠭ᠎ᠠ ᠠᠴᠠ ᠡᠬᠢᠯᠡᠬᠦ ᠬᠡᠷᠡᠭᠲᠡᠢ  ᠃ ᠪᠠᠶᠠᠷ ᠤᠨ ᠡᠳᠦᠷ ᠤᠨ ᠬᠠᠯᠠᠭᠤᠨ ᠰᠡᠳᠬᠢᠯᠭᠡ ᠪᠠᠨ ᠪᠣᠳᠠᠲᠠᠢ ᠪᠠᠷ ᠠᠵᠢᠯᠯᠠᠬᠤ ᠶᠢᠨ ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠵᠤ᠂ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠪᠠ  ᠲᠡᠬᠦᠰ ᠲᠡᠭᠦᠯᠳᠡᠷ ᠡᠷᠴᠢ ᠵᠣᠷᠢᠭ ᠢᠶᠠᠷ ᠰᠢᠨ᠎ᠡ ᠨᠢᠭᠡ ᠵᠢᠯ ᠤᠨ  ᠠᠵᠢᠯ ᠳᠠᠭᠠᠨ ᠣᠷᠣᠯᠴᠠᠵᠤ᠂ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠂ ᠰᠢᠨ᠎ᠡ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ᠃  ᠤᠶᠤᠨ ᠰᠠᠨᠠᠭᠠᠨ ᠤ ᠳᠦᠷᠰᠦ ᠪᠠᠶᠢᠳᠠᠯ ᠢᠶᠠᠨ ᠦᠳᠲᠡᠷ ᠲᠦᠷᠭᠡᠨ ᠲᠣᠬᠢᠷᠠᠭᠤᠯᠵᠤ᠂  ᠤᠷᠮ᠎ᠠ ᠵᠣᠷᠢᠭ ᠢᠶᠠᠨ ᠬᠦᠪᠴᠢᠯᠡᠨ᠂  ᠲᠠᠷᠤᠢ ᠲᠦᠷᠬᠡᠨ ᠬᠥᠳᠡᠯᠦᠯᠴᠡᠵᠦ᠂ 2024 ᠣᠨ ᠤ ᠡᠯ᠎ᠡ ᠲᠦᠷᠦᠯ ᠤᠨ ᠠᠵᠢᠯ ᠡᠬᠦᠷᠭᠡ ᠶᠢ ᠡᠷᠳᠡ ᠠᠴᠠ ᠲᠥᠯᠥᠪᠵᠢᠭᠦᠯᠵᠦ ᠡᠷᠲᠡ ᠠᠴᠠ ᠪᠠᠶᠢᠷᠢᠯᠠᠭᠤᠯᠬᠤ ᠬᠡᠷᠡᠭᠲᠡᠢ᠃   ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠳᠦᠷᠢᠮ ᠲᠣᠭᠲᠠᠭᠠᠯ ᠪᠠ ᠰᠠᠬᠢᠯᠭ᠎ᠠ ᠪᠠᠲᠤ ᠶᠢ ᠴᠢᠩᠭ᠎ᠠ ᠭᠡᠷᠡᠭᠵᠢᠬᠦᠯᠦᠨ᠂ ᠰᠠᠬᠢᠯᠭ᠎ᠠ ᠪᠠᠲᠤ ᠶᠣᠰᠣ ᠳᠦᠷᠢᠮ ᠤᠨ ᠬᠥᠪᠴᠢ ᠶᠢ ᠢᠮᠠᠭᠲᠠ ᠴᠢᠩᠭᠠᠯᠠᠵᠤ᠂ ᠦᠵᠡᠯ ᠰᠠᠨᠠᠭᠠᠨ ᠤ ᠲᠠᠯ᠎ᠠ ᠪᠠᠷ ᠰᠡᠷᠭᠡᠶᠢᠯᠡᠯᠲᠡ ᠶᠢᠨ ᠱᠤᠭᠤᠮ ᠢ ᠪᠠᠲᠤ ᠴᠤᠭᠴᠠᠯᠠᠨ᠂ ᠦᠢᠯᠡ ᠠᠵᠢᠯᠯᠠᠭ᠎ᠠ ᠶᠢᠨ ᠲᠠᠯ᠎ᠠ ᠪᠠᠷ ᠪᠣᠭᠤᠮᠲᠠ ᠶᠢ ᠪᠠᠲᠤ ᠰᠠᠬᠢᠵᠤ᠂ ᠰᠢᠨ᠎ᠡ ᠨᠢᠭᠡ ᠵᠢᠯ ᠤᠨ ᠠᠵᠢᠯ ᠦᠢᠯᠡᠰ ᠢ ᠰᠠᠶᠢᠨ ᠡᠬᠢᠯᠡᠬᠦᠯᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ  ᠲᠡᠭᠡᠷ᠎ᠡ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ  ᠪᠤᠯᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠤ ᠲᠣᠭᠲᠠᠭᠤᠨ ᠢ ᠬᠠᠮᠠᠭᠠᠯᠠᠬᠤ᠂ ᠵᠥᠷᠢᠴᠡᠯ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号