ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ︵ᠦᠷᠭᠡᠳᠭᠡᠭᠰᠡᠨ ︶ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2024/2/23
   2 ᠰᠠᠷ᠎ᠠ ᠶᠢᠨ 22 ᠤᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ︵ᠥᠷᠭᠡᠳᠬᠡᠭᠰᠡᠨ︶ ᠬᠤᠷᠠᠯ ᠬᠤᠷᠠᠯᠳᠤᠪᠠ᠃  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠬᠠᠷᠢᠭᠤᠴᠠᠯᠭᠠᠲᠠᠨ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠶᠠᠳᠤᠭᠠᠷ ᠬᠢᠨᠠᠨ ᠪᠠᠶᠢᠴᠠᠭᠠᠬᠤ ᠲᠠᠰᠤᠭ ᠤᠨ ᠬᠠᠮᠢᠶ᠎ᠠ ᠪᠦᠬᠦᠢ ᠨᠥᠬᠦᠳ ᠬᠤᠷᠠᠯ ᠳᠤ ᠤᠷᠤᠯᠴᠠᠵᠤ ᠵᠢᠭᠠᠨ  ᠵᠢᠯᠤᠭᠤᠳᠴᠠᠢ᠃ ᠵᠣᠣ ᠹᠧᠢ ᠫᠧᠩ ᠠᠴᠠ  ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠨᠤᠭᠤᠳ ᠨᠢ ᠶᠡᠷᠦᠩᠬᠡᠢ ᠱᠦᠵᠢ ᠰᠢ ᠶᠢᠨ ᠫᠢᠩ   ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ   ᠶᠢ ᠣᠨᠣᠪᠴᠢᠲᠠᠶ ᠣᠶᠢᠯᠠᠭᠠᠨ ᠡᠵᠡᠮᠰᠢᠵᠦ᠂ ᠨᠡᠪᠳᠡᠷᠡᠯᠴᠡᠵᠦ ᠵᠣᠬᠢᠴᠠᠭᠤᠯᠬᠤ ᠪᠠᠨ ᠤᠯᠠᠮ ᠨᠢᠭᠡ ᠠᠯᠬᠤᠮ ᠴᠢᠩᠭᠠᠳᠬᠠᠨ᠂ ᠤᠯᠤᠰ ᠲᠥᠷᠥ   ᠶᠢᠨ ᠬᠢᠨᠠᠯᠲᠠ   ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂  ᠡᠷᠡᠰ ᠴᠢᠩᠭ᠎ᠠ ᠬᠢᠨᠠᠯᠲᠠ ᠪᠠᠷ ᠳᠡᠭᠡᠳᠦ ᠱᠠᠲᠤᠨ ᠤ ᠡᠯ᠎ᠡ  ᠲᠦᠷᠦᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠷ᠎ᠡ ᠪᠦᠲᠦᠮᠵᠢ ᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠳᠡᠭᠡᠳᠦ ᠬᠡᠮᠵᠢᠶᠡᠨ ᠤ ᠰᠡᠷᠭᠡᠭ ᠲᠠᠨᠢᠯᠲᠠ ᠲᠠᠢ ᠪᠠᠶᠢᠵᠤ᠂ ᠢᠯᠵᠠᠷᠠᠯ   ᠢ ᠡᠰᠡᠷᠭᠦᠴᠡᠬᠦ ᠡᠷᠴᠢᠮ   ᠢᠶᠠᠨ ᠦᠷᠭᠦᠯᠵᠢᠯᠡᠨ ᠴᠢᠩᠭᠠᠷᠠᠭᠤᠯᠵᠤ᠂ ᠢᠯᠵᠠᠷᠠᠯ   ᠢ ᠡᠰᠡᠷᠭᠦᠴᠡᠬᠦ ᠭᠦᠨᠴᠡ   ᠶᠢ ᠠᠬᠢᠭᠤᠯᠤᠨ᠂ ᠢᠯᠵᠠᠷᠠᠯ ᠤᠨ ᠠᠰᠠᠭᠤᠳᠠᠯ   ᠢ ᠴᠢᠩᠭ᠎ᠠ ᠪᠠᠶᠢᠴᠠᠭᠠᠵᠤ᠂ ᠢᠯᠵᠠᠷᠠᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ ᠪᠤᠯᠤᠮᠵᠢ ᠶᠢ ᠡᠷᠡᠰ ᠠᠷᠢᠯᠭᠠᠬᠤ ᠬᠡᠷᠡᠭᠲᠡᠢ᠃ ᠴᠢᠩᠭ᠎ᠠ ᠬᠦᠭ ᠠᠶᠠᠰ ᠢ ᠲᠣᠪᠤᠶᠢᠯᠭᠠᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠨ᠂ ᠰᠠᠬᠢᠯᠭ᠎ᠠ ᠪᠠᠲᠤ ᠶᠢ ᠴᠢᠩᠭ᠎ᠠ ᠭᠡᠷᠡᠭᠵᠢᠬᠦᠯᠵᠦ  ᠂ ᠰᠠᠬᠢᠯᠭ᠎ᠠ ᠪᠠᠲᠤ ᠪᠠᠷ ᠪᠦᠬᠦ ᠨᠠᠮ ᠤᠨ ᠭᠡᠰᠢᠭᠦᠨ ᠢ ᠰᠠᠶᠢᠲᠤᠷ ᠬᠠᠮᠢᠶᠠᠷᠬᠤ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢ ᠤᠷᠲᠤ ᠬᠤᠭᠤᠴᠠᠭ᠎ᠠ ᠪᠠᠷ ᠰᠠᠶᠢᠲᠤᠷ ᠠᠳᠬᠤᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ  ᠂ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠭᠢᠯᠡᠭᠴᠢ ᠰᠢᠶᠧ ᠶᠢᠨ ᠳ᠋ᠦᠩ ᠬᠤᠷᠠᠯ ᠢ  ᠡᠷᠬᠢᠯᠡᠭᠰᠡᠨ ᠪᠥᠭᠡᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠡᠮᠦᠨ᠎ᠡ ᠠᠴᠠ ᠠᠵᠢᠯ ᠤᠨ ᠢᠯᠡᠳᠬᠡᠯ ᠬᠢᠵᠡᠢ᠃  ᠢᠯᠡᠳᠭᠡᠯ ᠳᠤ ᠵᠢᠭᠠᠵᠤ ᠭᠠᠷᠭᠠᠬᠤ ᠳᠠᠭᠠᠨ᠂ 2024 ᠣᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠢ ᠪᠠᠳᠤᠳᠬᠠᠬᠤ ᠭᠤᠣᠯ ᠰᠢᠵᠢᠮ ᠢ ᠪᠦᠬᠦ ᠲᠠᠯ᠎ᠠ  ᠪᠠᠷ ᠲᠤᠤᠱᠯᠠᠭᠤᠯᠤᠨ᠂ ᠭᠤᠣᠯ ᠰᠡᠳᠦᠪᠲᠦ  ᠬᠥᠮᠦᠵᠢᠯ ᠪᠣᠯᠣᠨ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ  ᠠᠬᠢᠭᠤᠯᠤᠨ᠂  ︽ᠵᠢᠷᠭᠤᠭᠠᠨ ᠢᠨᠵᠧᠨᠧᠷᠢᠩ ︾ ᠢ ᠴᠢᠨᠠᠷ ᠰᠠᠶᠢᠲᠠᠢ ᠨᠠᠶᠢᠳᠠᠪᠤᠷᠢᠵᠢᠭᠤᠯᠵᠤ᠂ ︽ᠰᠢᠨ᠎ᠡ ᠵᠠᠮ ᠢᠶᠠᠷ ᠵᠠᠮᠨᠠᠬᠤ᠂ ᠳᠤᠮᠳᠠ ᠲᠦᠪᠰᠢᠨ ᠳᠤ ᠬᠦᠷᠬᠦ︾ ᠬᠠᠷᠠᠯᠲᠠ ᠯᠤᠭ᠎ᠠ ᠵᠣᠬᠢᠴᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠠᠮᠵᠢᠯᠲᠠ ᠶᠢ  ᠡᠬᠦᠳᠦᠨ᠂   ︽ᠬᠤᠶᠠᠷ ᠶᠡᠭᠡ ᠶᠠᠪᠤᠳᠠᠯ︾ ᠢ ᠰᠠᠶᠢᠨ ᠬᠢᠬᠦ ᠳᠤ ᠡᠷᠴᠢᠮᠳᠡᠢ ᠪᠥᠭᠡᠳ ᠪᠦᠲᠦᠮᠵᠢᠲᠡᠢ ᠦᠢᠯᠡᠴᠢᠯᠡᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠬᠦᠷᠭᠡᠯᠡᠳᠡᠭ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠴᠡᠷᠢᠭ ᠠᠩᠭᠢ ᠶᠢ  ᠳᠠᠪᠲᠠᠨ ᠪᠣᠯᠪᠠᠰᠤᠷᠠᠭᠤᠯᠤᠨ᠎ᠠ ᠬᠡᠵᠡᠢ᠃ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠬᠤ ᠪᠠᠭ ᠤᠨ ᠭᠡᠰᠢᠬᠦᠳ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ  ᠶᠢᠨ ᠺᠠᠳ᠋ᠷ ᠪᠠ ᠲᠣᠮᠢᠯᠠᠨ ᠰᠠᠭᠤᠯᠭᠠᠭᠰᠠᠨ ᠪᠥᠬᠦ ᠺᠠᠳ᠋ᠷ᠂  ᠬᠤᠰᠢᠭᠤ ᠨᠠᠮ ᠤᠨ ᠬᠤᠷᠢᠶᠠᠨ ᠤ  ᠲᠤᠭᠤᠷᠢᠨ ᠪᠠᠶᠢᠴᠠᠭᠠᠬᠤ ᠪᠠᠶᠢᠭᠤᠯᠤᠮᠵᠢ ᠶᠢᠨ ᠳᠡᠳ᠋ ᠰᠠᠯᠠᠭᠠᠨ ᠲᠠᠰ   ᠠᠴᠠ ᠳᠡᠭᠡᠭᠰᠢᠬᠢ ᠺᠠᠳ᠋ᠷ᠂ ᠰᠤᠮᠤ ᠰᠢᠶᠠᠩ ᠪᠠᠯᠭᠠᠰᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠪᠠ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ᠂  ᠬᠤᠰᠢᠭᠤ ᠬᠠᠷᠢᠶ᠎ᠠ ᠪᠠᠶᠢᠭᠤᠯᠭ᠎ᠠ ᠨᠢᠬᠡᠴᠡ᠂ ᠲᠠᠶᠢᠹᠤᠰᠧ ᠳᠤ ᠰᠠᠭᠤᠭ᠎ᠠ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号