ᠲᠠᠶᠢᠹᠤᠰᠧ ᠬᠤᠰᠢᠭᠤ ᠮᠦᠷᠦᠢ ᠲᠠᠢ ᠲᠤᠭᠯᠠᠭᠠᠮ ᠢ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/2/23
  ᠮᠦᠷᠦᠢ ᠲᠠᠢ ᠲᠤᠭᠯᠠᠭᠠᠮ ᠢ ᠴᠠᠭᠠᠵᠠᠯᠠᠵᠤ᠂ ᠮᠦᠷᠦᠢ ᠲᠠᠢ ᠲᠤᠭᠯᠠᠭᠠᠮ ᠢ ᠡᠰᠡᠷᠬᠦᠴᠡᠨ᠂ ᠨᠡᠶᠢᠭᠡᠮ ᠤᠨ ᠬᠡᠪ ᠰᠤᠷᠲᠠᠯ ᠢ ᠴᠡᠪᠡᠷᠰᠢᠭᠦᠯᠬᠦ ᠶᠢᠨ ᠲᠥᠯᠥᠭᠡ᠂ 2 ᠰᠠᠷ᠎ᠠ ᠶᠢᠨ 21 ᠤ ᠡᠳᠦᠷ ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ︽ᠪᠦᠬᠦ ᠠᠷᠠᠳ ᠢᠶᠠᠷ ᠢᠶᠠᠨ ᠮᠦᠷᠦᠢ ᠲᠠᠢ ᠲᠤᠭᠯᠠᠭᠠᠮ ᠢ ᠴᠠᠭᠠᠵᠠᠯᠠᠬᠤ  ᠳᠤ ᠤᠷᠤᠯᠴᠠᠵᠤ · ᠪᠤᠯᠬᠢ ᠳᠠᠳᠬᠠᠯ ᠢ ᠥᠭᠡᠷᠡᠴᠢᠯᠡᠨ ᠰᠢᠨ᠎ᠡ ᠰᠤᠷᠲᠠᠯ ᠢ ᠲᠡᠯᠭᠡᠷᠡᠬᠦᠯᠦᠶ᠎ᠡ︾  ᠭᠡᠮᠡᠬᠦ ᠭᠤᠤᠯ ᠰᠡᠳᠦᠪᠳᠦ  ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠥᠷᠨᠢᠭᠦᠯᠵᠡᠢ᠃  ᠴᠠᠭᠳᠠᠭ᠎ᠠ ᠠᠵᠢᠯᠳᠠᠳ ᠬᠥᠮᠥᠨ  ᠲᠥᠪᠯᠡᠷᠡᠭᠰᠡᠨ ᠭᠠᠵᠠᠷ ᠲᠤ ᠬᠦᠨᠵᠡᠬᠡᠶᠢᠷᠡᠵᠦ᠂ ᠦᠵᠡᠭᠦᠯᠦᠯᠭᠡ ᠶᠢᠨ ᠰᠠᠮᠪᠠᠷ᠎ᠠ ᠪᠤᠰᠬᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠠᠬᠤᠢ  ᠲᠠᠯᠠᠪᠠᠢ ᠳᠤ ᠤᠬᠠᠭᠤᠯᠤᠨ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠮᠦᠷᠦᠢ ᠲᠠᠢ ᠲᠤᠭᠯᠠᠭᠠᠮ   ᠤᠨ  ᠮᠡᠬᠡᠯᠡᠯᠳᠦ ᠴᠢᠨᠠᠷ  ᠪᠠ ᠬᠥᠨᠥᠭᠡᠯᠳᠦ ᠴᠢᠨᠠᠷ ᠢ ᠢᠯᠡᠴᠢᠯᠡᠵᠦ᠂  ᠮᠦᠷᠦᠢ ᠲᠠᠢ ᠲᠤᠭᠯᠠᠭᠠᠮ ᠤᠨ ᠬᠦᠨᠳᠦ ᠨᠣᠴᠢᠲᠠᠢ ᠬᠤᠣᠷ ᠬᠥᠨᠥᠭᠡᠯ ᠢ  ᠤᠯᠠᠨ ᠲᠦᠮᠡᠨ ᠳᠤ ᠤᠬᠠᠭᠤᠯᠤᠨ ᠲᠠᠨᠢᠭᠤᠯᠤᠭᠰᠠᠨ ᠤ ᠬᠠᠮᠲᠤ᠂ ᠮᠦᠷᠦᠢ  ᠲᠠᠢ ᠲᠤᠭᠯᠠᠭᠠᠮ ᠤᠨ ᠦᠨᠳᠦᠰᠦᠨ ᠠᠷᠭ᠎ᠠ ᠪᠠᠰᠢᠷ᠂ ᠨᠡᠶᠢᠲᠡᠯᠢᠭ ᠬᠡᠷᠡᠭ ᠤᠨ ᠵᠢᠱᠢᠶ᠎ᠡ ᠵᠢᠴᠢ ᠰᠡᠷᠭᠡᠶᠢᠯᠡᠬᠦ ᠠᠷᠭ᠎ᠠ ᠲᠤᠷᠰᠢᠯᠭ᠎ᠠ ᠵᠡᠷᠭᠡ ᠶᠢ ᠤᠯᠠᠨ ᠲᠦᠮᠡᠨ ᠳᠤ  ᠲᠠᠨᠢᠭᠤᠯᠵᠤ᠂  ᠮᠦᠷᠦᠢ ᠲᠠᠢ ᠲᠤᠭᠯᠠᠭᠠᠮ ᠢ ᠴᠠᠭᠠᠵᠠᠯᠠᠬᠤ ᠤᠬᠠᠭᠤᠯᠭ᠎ᠠ ᠶᠢᠨ ᠨᠦᠯᠦᠭᠡᠯᠡᠯ ᠢ ᠦᠷᠭᠡᠳᠭᠡᠨ᠂  ᠠᠷᠠᠳ ᠤᠯᠠᠨ   ᠢ ᠮᠦᠷᠦᠢ ᠲᠠᠢ ᠲᠤᠭᠯᠠᠭᠠᠮ ᠠᠴᠠ ᠬᠤᠯᠠ ᠵᠠᠶᠢᠳᠠᠵᠤ᠂  ᠬᠠᠤᠯᠢ ᠪᠤᠰᠤ ᠭᠡᠷᠡᠭ ᠤᠨ ᠰᠦᠪᠡᠭᠴᠢ ᠶᠢ ᠢᠳᠡᠪᠬᠢᠲᠡᠢ ᠪᠠᠷ ᠬᠠᠩᠭᠠᠨ᠂ ᠪᠦᠬᠦ ᠨᠡᠶᠢᠭᠡᠮ ᠢᠶᠠᠷ ᠢᠶᠠᠨ ᠮᠦᠷᠦᠢ ᠲᠠᠢ ᠲᠤᠭᠯᠠᠭᠠᠮ ᠢ ᠡᠰᠡᠷᠭᠦᠴᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠳᠤᠭᠠᠢ ᠬᠡᠵᠦ ᠤᠷᠢᠶᠠᠯᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号