ᠬᠥᠳᠡᠯᠮᠦᠷᠢᠴᠢᠳ ᠲᠤ ᠵᠤᠷᠢᠭᠤᠯᠤᠭᠰᠠᠨ ᠬᠠᠯᠠᠭᠤᠮᠰᠠᠭ ᠦᠢᠯᠡᠴᠢᠯᠡᠭᠡ
ᠨᠡᠶᠢᠲᠡᠯᠡᠭᠰᠡᠨ ᠴᠠᠭ᠄
2024/2/23
   ᠴᠠᠭᠠᠨ ᠰᠠᠷ᠎ᠠ ᠶᠢᠨ ᠬᠤᠭᠤᠴᠠᠭᠠᠨ ᠳᠤ ᠪᠤᠤᠴᠠᠩ ᠪᠠᠯᠭᠠᠰᠤᠨ ᠤ  ᠵᠡᠭᠡᠯᠢ ᠭᠤᠳᠤᠮᠵᠢ ᠪᠠᠷ ᠲᠡᠷᠭᠡ ᠤᠨᠤᠭ᠎ᠠ ᠵᠦᠷᠢᠯᠳᠦᠨ᠂ ᠬᠦᠮᠦᠨ ᠬᠠᠷ᠎ᠠ ᠴᠤᠪᠤᠷᠠᠯᠳᠤᠭᠠᠳ᠂  ᠬᠦᠷ ᠬᠦᠭᠵᠢᠶᠡᠨ ᠢᠶᠠᠷ ᠪᠢᠯᠬᠠᠨ᠎ᠠ᠃  ᠵᠡᠭᠡᠯᠦ ᠴᠡᠪᠡᠷᠯᠡᠭᠴᠢ ᠯᠢ ᠨᠠᠰᠤᠲᠠᠨ  ᠦᠪᠡᠷ ᠤᠨ ᠬᠠᠷᠢᠭᠤᠴᠠᠭᠰᠠᠨ ᠨᠢᠭᠡ ᠭᠡᠰᠡᠭ ᠵᠠᠮ ᠢᠶᠠᠨ ᠴᠡᠪᠡᠷᠯᠡᠵᠦ ᠪᠠᠷᠠᠭᠠᠳ ᠤᠶᠢᠷᠠᠬᠠᠨ ᠪᠠᠶᠢᠭ᠎ᠠ ᠲᠠᠷᠢᠶᠠᠯᠠᠩ ᠤᠨ ᠪᠠᠩᠬᠢ ᠶᠢᠨ ᠦᠢᠯᠡᠴᠢᠯᠡᠭᠡᠨ ᠤ ᠦᠷᠳᠡᠭᠡ ᠳᠤ ᠣᠷᠣᠵᠤ᠂  ᠭᠠᠷ ᠤᠲᠠᠰᠤᠨ ᠳᠠᠭᠠᠨ ᠴᠠᠬᠢᠯᠭᠠᠨ ᠴᠡᠨᠡᠭᠯᠡᠬᠦ ᠶᠢᠨ ᠲᠠᠭᠠᠤ ᠬᠠᠯᠠᠭᠤᠨ ᠤᠰᠤ ᠤᠤᠭᠤᠵᠤ ᠰᠠᠨᠳᠠᠯᠢ ᠳᠡᠭᠡᠷ᠎ᠡ ᠰᠠᠭᠤᠵᠤ ᠠᠮᠠᠷᠠᠨ᠎ᠠ᠃  ︽ᠥᠩᠭᠡᠷᠡᠭᠰᠡᠨ ᠳᠤ ᠠᠩᠭᠠᠵᠤ ᠤᠮᠳᠠᠭᠠᠰᠤᠭᠰᠠᠨ ᠴᠤ ᠬᠠᠯᠠᠭᠤᠨ ᠤᠰᠤ ᠣᠯᠵᠤ ᠤᠤᠭᠤᠬᠤ ᠦᠭᠡᠢ  ᠂ ᠣᠳᠣ ᠰᠠᠶᠢᠨ ᠪᠣᠯᠵᠠᠢ᠂ ᠠᠳᠡ ᠢᠷᠡᠵᠦ ᠬᠠᠯᠠᠭᠤᠨ ᠤᠰᠤ  ᠤᠤᠭᠤᠵᠤ ᠶᠠᠳᠠᠷᠠᠭ᠎ᠠ ᠪᠠᠨ ᠲᠠᠶᠢᠯᠬᠤ ᠪᠠᠷ ᠪᠠᠷᠠᠬᠤ ᠦᠬᠡᠢ᠂ ᠭᠠᠷ ᠤᠲᠠᠰᠤᠨ ᠳᠠᠭᠠᠨ ᠪᠠᠰᠠ ᠴᠠᠬᠢᠯᠭᠠᠨ ᠴᠡᠨᠡᠭᠯᠡᠴᠢᠬᠡᠨ᠎ᠡ︾ ᠭᠡᠵᠦ ᠯᠢ  ᠨᠠᠰᠤᠳᠠᠨ ᠰᠡᠳᠬᠢᠯ ᠬᠠᠩᠭᠠᠮᠵᠢᠲᠠᠢ ᠶᠠᠷᠢᠨ᠎ᠠ᠃    ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠨᠢᠳᠤᠨᠤᠨ ᠠᠴᠠ ᠨᠠᠰᠢ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠲᠠᠶᠢᠹᠤᠰᠧ ᠬᠤᠰᠢᠭᠤᠨ ᠳᠠᠬᠢ ᠰᠠᠯᠪᠤᠷᠢ ᠪᠠᠩᠬᠢ ᠨᠢ ᠨᠠᠰᠤᠲᠠᠶᠢᠴᠤᠳ᠂ ᠭᠡᠷ ᠤᠨ ᠭᠠᠳᠠᠨᠠᠬᠢ ᠬᠥᠳᠡᠯᠮᠦᠷᠢᠴᠢᠨ ᠵᠡᠷᠭᠡ ᠣᠨᠴᠠᠭᠠᠶ ᠬᠦᠮᠦᠰ ᠤᠨ ᠬᠡᠷᠡᠭᠴᠡᠭᠡ ᠳᠤ ᠵᠤᠬᠢᠴᠠᠭᠤᠯᠤᠨ᠂ ᠦᠢᠯᠡᠴᠢᠯᠡᠭᠡᠨ ᠤ ᠲᠢᠩᠬᠢᠮ ᠤᠳ  ᠲᠠᠭᠠᠨ  ︽ ᠬᠠᠶᠢᠷ᠎ᠠ ᠬᠠᠯᠠᠮᠵᠢ ᠶᠢᠨ ᠦᠷᠲᠡᠭᠡ︾ ᠭᠠᠷᠭᠠᠵᠤ᠂   ᠰᠢᠷᠡᠭᠡ ᠰᠠᠨᠳᠠᠯᠢ᠂ ᠴᠤᠪᠠ ᠰᠢᠬᠦᠷ᠂ ᠵᠡᠭᠦᠦ ᠤᠳᠠᠰᠤ᠂  ︽ᠭᠠᠯ ᠰᠢᠯ︾᠂  ᠭᠠᠷ ᠤᠳᠠᠰᠤᠨ ᠤ ᠴᠠᠬᠢᠯᠭᠠᠨ ᠴᠡᠨᠡᠭᠯᠡᠬᠦᠷ᠂  ᠪᠠᠴᠢᠮ ᠪᠠᠶᠢᠳᠠᠯ ᠢ ᠠᠷᠭᠠᠴᠠᠬᠤ ᠡᠮ ᠤᠨ ᠵᠦᠢᠯ ᠵᠡᠷᠭᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠬᠦᠭᠡᠷᠦᠮᠵᠢ ᠶᠢ ᠲᠤᠬᠢᠷᠠᠭᠤᠯᠤᠭᠠᠳ᠂  ᠵᠡᠭᠡᠯᠢ ᠴᠡᠪᠡᠷᠯᠡᠭᠴᠢ  ᠂  ᠪᠠᠷᠠᠭ᠎ᠠ ᠬᠦᠷᠭᠡᠭᠴᠢ᠂ ᠬᠤᠭᠤᠯᠠ  ᠬᠦᠷᠭᠡᠭᠴᠢ ᠵᠡᠷᠭᠡ ᠭᠡᠷ ᠤᠨ ᠭᠠᠳᠠᠨᠠᠬᠢ ᠬᠥᠳᠡᠯᠮᠦᠷᠢᠴᠢᠳ ᠲᠤ ᠲᠤᠰᠠ ᠬᠦᠷᠬᠡᠵᠦ ᠲᠦᠬᠦᠮ ᠦᠵᠡᠬᠦᠯᠦᠭᠰᠡᠨ ᠪᠠᠶᠢᠨ᠎ᠠ᠃    ᠣᠶᠢᠷ᠎ᠠ ᠶᠢᠨ ᠵᠢᠯ ᠳᠤ᠂ ᠲᠠᠶᠢᠹᠤᠰᠧ ᠬᠤᠰᠢᠭᠤ ᠨᠢ ᠣᠯᠠᠨ ᠵᠦᠢᠯ ᠤᠨ ᠠᠷᠭ᠎ᠠ ᠬᠡᠯᠪᠡᠷᠢ ᠪᠠᠷ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠬᠠᠶᠢᠷ᠎ᠠ ᠬᠠᠯᠠᠮᠵᠢ ᠶᠢᠨ ᠦᠷᠳᠡᠭᠡᠨ︾ ᠤ  ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠂ ᠭᠡᠷ ᠤᠨ ᠭᠠᠳᠠᠨᠠᠬᠢ ᠬᠥᠳᠡᠯᠮᠦᠷᠢᠴᠢᠳ ᠲᠤ ᠬᠠᠯᠠᠭᠤᠨ ᠳᠣᠲᠣᠨᠣ ᠦᠢᠯᠡᠴᠢᠯᠡᠭᠡ ᠬᠠᠩᠭᠠᠵᠤ ᠢᠷᠡᠵᠡᠢ᠃ ᠣᠲᠣ ᠪᠣᠯᠲᠠᠯ᠎ᠠ᠂ ᠪᠥᠬᠦ ᠬᠤᠰᠢᠭᠤᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ  ᠦᠢᠯᠡᠴᠢᠯᠡᠭᠡᠨ ᠤ ᠥᠷᠲᠡᠭᠡ 8 ᠪᠠᠶᠢᠵᠤ᠂ ᠪᠤᠰᠤᠳ  ᠲᠥᠷᠥᠯ ᠤᠨ ᠦᠢᠯᠡᠴᠢᠯᠡᠭᠡᠨ ᠤ ᠥᠷᠲᠡᠭᠡ ᠠᠷᠪᠠᠭᠠᠳ ᠪᠠᠶᠢᠭᠤᠯᠤᠭᠳᠠᠭᠠᠳ᠂ 2000 ᠭᠠᠷᠤᠢ ᠬᠥᠮᠥᠨ ᠤᠳᠠᠭ᠎ᠠ ᠳᠤ ᠬᠠᠶᠢᠷ᠎ᠠ ᠬᠠᠯᠠᠮᠵᠢ ᠶᠢᠨ ᠦᠢᠯᠡᠴᠢᠯᠡᠭᠡ ᠬᠠᠩᠭᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号