ᠵᠡᠮᠳᠡᠭᠴᠦᠳ ᠤᠨ ︽ᠬᠤᠶᠠᠷ ᠲᠦᠷᠦᠯ ᠤᠨ ᠨᠥᠬᠦᠪᠦᠷᠢ︾ ᠶᠢᠨ ᠲᠥᠷᠥ ᠶᠢᠨ ᠪᠣᠳᠣᠯᠭ᠎ᠠ ᠶᠢ ᠭᠥᠷᠳᠡᠬᠦ ᠬᠥᠮᠥᠰ | ᠪᠣᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ︾ ᠲᠠᠢ ᠠᠮᠢᠳᠤᠷᠠᠯ ᠨᠢ | ᠬᠦᠴᠢᠷᠳᠡᠯᠲᠡᠢ ᠵᠡᠮᠳᠡᠭᠴᠦᠳ ᠪᠠ ᠬᠦᠨᠳᠦ ᠲᠡᠰ ᠤᠨ ᠵᠡᠮᠳᠡᠭᠴᠦᠳ ᠪᠣᠯᠣᠨ᠎ᠠ᠃ | 1. ᠠᠮᠢᠳᠤᠷᠠᠯ ᠨᠢ ᠬᠦᠴᠢᠷᠳᠡᠯᠲᠡᠢ ᠵᠡᠮᠳᠡᠭᠴᠦᠳ ᠭᠡᠳᠡᠭ ᠨᠢ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ | ᠲᠠᠢ ᠭᠡᠷ ᠪᠦᠯᠢ ᠶᠢᠨ ᠳᠣᠲᠣᠷᠠᠬᠢ ᠵᠡᠮᠳᠡᠭᠴᠦᠳ ᠢ ᠬᠡᠯᠡᠨ᠎ᠡ᠂ ᠬᠥᠮᠥᠨ ᠪᠦᠷᠢ ᠳᠤ ᠰᠠᠷ᠎ᠠ ᠶᠢᠨ 100 ᠲᠥᠭᠦᠷᠢᠭ | ᠤᠨ ᠠᠮᠢᠳᠤᠷᠠᠯ ᠤᠨ ᠨᠦᠬᠦᠪᠦᠷᠢ ᠤᠯᠭᠤᠨ᠎ᠠ ᠃ | 2 . ᠬᠦᠨᠳᠦ ᠲᠡᠰ ᠤᠨ ᠵᠡᠮᠳᠡᠭᠴᠦᠳ ᠭᠡᠳᠡᠭ ᠨᠢ ᠤᠢ ᠤᠬᠠᠭᠠᠨ᠂ ᠤᠶᠤᠨ ᠮᠡᠳᠡᠷᠡᠯ᠂ ᠪᠡᠶ᠎ᠡ ᠮᠠᠬᠠᠪᠤᠳ᠂ | ᠬᠠᠷᠠᠭ᠎ᠠ ᠰᠣᠨᠣᠷ ᠤᠨ ᠨᠢᠭᠡᠳᠦᠭᠡᠷ ᠳᠡᠰ ᠪᠠ ᠬᠤᠶᠠᠳᠤᠭᠠᠷ ᠳᠡᠰ ᠤᠨ ᠵᠡᠮᠳᠡᠭ ᠬᠦᠮᠦᠰ ᠢ ᠬᠡᠯᠡᠨ᠎ᠡ᠂ ᠬᠥᠮᠥᠨ ᠪᠦᠷᠢ | ᠳᠤ ᠰᠠᠷ᠎ᠠ ᠶᠢᠨ 100 ᠲᠥᠭᠦᠷᠢᠭ ᠤᠨ ᠰᠤᠪᠢᠯᠠᠯᠳᠠ ᠶᠢᠨ ᠨᠦᠬᠦᠪᠦᠷᠢ ᠤᠯᠭᠤᠨ᠎ᠠ᠃ | ᠵᠡᠮᠳᠡᠭᠴᠦᠳ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ᠄ | 1. ᠬᠠᠷᠠᠭᠠᠯᠵᠠᠯ ᠤᠨ ᠲᠥᠷᠥ ᠶᠢᠨ ᠪᠣᠳᠣᠯᠭ᠎ᠠ᠃ ᠲᠤᠬᠠᠶᠢᠯᠠᠪᠠᠯ ᠦᠨ᠎ᠡ ᠲᠥᠯᠥᠪᠦᠷᠢ ᠦᠭᠡᠢ ᠪᠠᠷ ᠠᠵᠢᠯ | ᠮᠡᠷᠭᠡᠵᠢᠯ ᠤᠨ ᠪᠣᠯᠪᠠᠰᠤᠷᠠᠯ ᠬᠠᠩᠭᠠᠬᠤ᠂ ᠠᠵᠢᠯ ᠣᠯᠭᠤᠯᠲᠠ ᠶᠢᠨ ᠨᠥᠬᠦᠪᠦᠷᠢ ᠬᠠᠩᠭᠠᠬᠤ᠂ ᠭᠠᠶᠢᠯᠢ ᠶᠢ ᠬᠥᠩᠭᠡᠯᠡᠵᠦ | ᠭᠠᠶᠢᠯᠢ ᠠᠴᠠ ᠬᠡᠯᠲᠦᠷᠢᠭᠦᠯᠬᠦ ᠵᠡᠷᠭᠡ ᠃ | 2. ᠠᠵᠢᠯ ᠣᠯᠬᠤ ᠪᠠᠲᠤᠯᠠᠭ᠎ᠠ᠃ ᠵᠠᠰᠠᠭ ᠤᠨ ᠣᠷᠳᠣᠨ ᠠᠴᠠ ᠵᠡᠮᠳᠡᠭᠴᠦᠳ ᠲᠤ ᠠᠵᠢᠯ ᠤᠯᠬᠤ ᠪᠠᠲᠤᠯᠠᠭ᠎ᠠ | ᠬᠠᠩᠭᠠᠵᠤ᠂ ᠲᠡᠳᠡᠨ ᠤ ᠤᠷᠤᠭᠰᠢᠲᠠᠢ ᠠᠵᠢᠯ ᠣᠯᠬᠤ ᠶᠢ ᠦᠨᠡᠨ ᠬᠦ ᠪᠠᠳᠤᠯᠠᠨ᠎ᠠ᠃ | 3. ᠠᠵᠢᠯ ᠮᠡᠷᠭᠡᠵᠢᠯ ᠤᠨ ᠪᠣᠯᠪᠠᠰᠤᠷᠠᠯ᠃ ᠵᠠᠰᠠᠭ ᠤᠨ ᠣᠷᠳᠣᠨ ᠠᠴᠠ ᠠᠵᠢᠯ ᠮᠡᠷᠭᠡᠵᠢᠯ ᠤᠨ ᠪᠣᠯᠪᠠᠰᠤᠷᠠᠯ ᠤᠨ | ᠲᠤᠰᠬᠠᠢ ᠪᠠᠶᠢᠭᠤᠯᠤᠮᠵᠢ ᠪᠠᠶᠢᠭᠤᠯᠵᠤ᠂ ᠵᠡᠮᠳᠡᠭᠴᠦᠳ ᠲᠤ ᠠᠵᠢᠯ ᠮᠡᠷᠭᠡᠵᠢᠯ ᠤᠨ ᠪᠣᠯᠪᠠᠰᠤᠷᠠᠯ ᠬᠠᠩᠭᠠᠨ᠎ᠠ᠃ | 4.ᠦᠢᠯᠡᠰ ᠪᠦᠳᠦᠭᠡᠬᠦ ᠲᠡᠮᠵᠢᠯᠭᠡ᠃ ᠵᠠᠰᠠᠭ ᠤᠨ ᠣᠷᠳᠣᠨ ᠠᠴᠠ ᠵᠡᠮᠳᠡᠭᠴᠦᠳ ᠲᠤ ᠦᠢᠯᠡᠰ ᠪᠦᠳᠦᠭᠡᠬᠦ | ᠳᠡᠮᠵᠢᠯᠭᠡ ᠬᠠᠩᠭᠠᠵᠤ᠂ ᠲᠡᠳᠡᠨ ᠤ ᠪᠡᠶ᠎ᠡ ᠪᠠᠨ ᠳᠠᠭᠠᠭᠠᠵᠤ ᠦᠢᠯᠡᠰ ᠪᠦᠳᠦᠭᠡᠬᠦ ᠶᠢ ᠵᠣᠷᠢᠭᠵᠢᠭᠤᠯᠤᠨ᠎ᠠ᠃ ᠦᠢᠯᠡᠰ | ᠪᠦᠳᠦᠭᠡᠬᠦ ᠵᠢᠭᠡᠯᠡᠯᠭᠡ᠂ ᠦᠢᠯᠡᠰ ᠪᠦᠳᠦᠭᠡᠬᠦ ᠪᠣᠯᠪᠠᠰᠤᠷᠠᠯ᠂ ᠦᠢᠯᠡᠰ ᠪᠦᠳᠦᠭᠡᠬᠦ ᠵᠢᠯᠣᠭᠤᠳᠤᠯᠭ᠎ᠠ ᠵᠡᠷᠭᠡ ᠠᠯᠢ | ᠣᠯᠠᠨ ᠳᠡᠮᠵᠢᠯᠭᠡ ᠶᠢ ᠬᠠᠩᠭᠠᠵᠤ᠂ ᠵᠡᠮᠳᠡᠭᠴᠦᠳ ᠢ ᠬᠠᠪᠰᠤᠷᠤᠨ ᠪᠡᠶ᠎ᠡ ᠪᠠᠨ ᠳᠠᠭᠠᠭᠠᠵᠤ ᠦᠢᠯᠡᠰ ᠪᠦᠳᠦᠭᠡᠬᠦ ᠶᠢ | ᠪᠡᠶᠡᠯᠡᠭᠦᠯᠦᠨ᠎ᠡ᠃ |