ᠴᠢᠶᠠᠨ ᠶᠢᠨ ᠭᠧᠦ ᠪᠠᠯᠭᠠᠰᠤ ᠪᠦᠬᠦ ᠤᠯᠤᠰ ᠤᠨ ︽ᠬᠤᠶᠠᠷ ᠬᠤᠷᠠᠯ︾  ᠤᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/2/23
 2 ᠰᠠᠷ᠎ᠠ ᠶᠢᠨ 20  ᠤ ᠡᠳᠦᠷ᠂ ᠴᠢᠶᠠᠨ ᠶᠢᠨ ᠭᠧᠦ ᠪᠠᠯᠭᠠᠰᠤ ᠪᠦᠬᠦ ᠤᠯᠤᠰ ᠤᠨ ︽ᠬᠤᠶᠠᠷ ᠬᠤᠷᠠᠯ︾  ᠤᠨ ᠬᠤᠭᠤᠴᠠᠭᠠᠨ  ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠢᠵᠦ᠂ ᠪᠠᠯᠭᠠᠰᠤᠨ ᠤ ᠤᠳᠤᠷᠢᠳᠬᠤ ᠪᠠᠭ ᠤᠨ  ᠭᠡᠰᠢᠬᠦᠳ᠂  ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ᠂  ᠪᠠᠯᠭᠠᠰᠤᠨ ᠤ ᠺᠠᠳ᠋ᠷ ᠠᠵᠢᠯᠳᠠᠨ᠂  ᠲᠣᠰᠬᠤᠨ ᠤ ᠨᠠᠮ ᠤᠨ ᠡᠭᠦᠷ ᠤᠨ ᠱᠦᠵᠢ  ᠨᠠᠷ ᠬᠤᠷᠠᠯ ᠳᠤ ᠣᠷᠣᠯᠴᠠᠪᠠ᠃  ᠨᠠᠮ ᠤᠨ ᠬᠤᠷᠢᠶᠠᠨ ᠤ ᠱᠦᠵᠢ ᠭᠤᠤ ᠶᠢᠩ ᠵᠦᠸᠧ ᠶᠠᠷᠢᠶᠠᠨ ᠳᠠᠭᠠᠨ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠵᠠᠷᠴᠢᠮ ᠢ ᠪᠠᠷᠢᠮᠲᠠᠯᠠᠵᠤ᠂ ᠣᠶᠢᠷ᠎ᠠ ᠶᠢᠨ ᠬᠤᠭᠤᠴᠠᠭᠠᠨ ᠤ ᠪᠦᠬᠦ ᠤᠯᠤᠰ ᠤᠨ ᠠᠮᠤᠷ ᠲᠦᠪᠰᠢᠨ ᠤ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠴᠠᠭ ᠢᠮᠠᠭᠲᠠ ᠴᠢᠩᠭᠠᠳᠬᠠᠨ᠂ ᠬᠠᠲᠠᠭᠤ ᠴᠢᠩᠭ᠎ᠠ ᠠᠷᠭ᠎ᠠ ᠬᠡᠮᠵᠢᠶ᠎ᠡ ᠠᠪᠴᠤ ᠪᠠᠶᠢᠭᠠᠳ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠠᠶᠤᠯᠭᠦᠢ ᠦᠢᠯᠡᠳᠪᠦᠷᠢᠯᠡᠯ ᠤᠨ ᠭᠡᠮ ᠰᠣᠭᠤᠭ ᠤᠨ ᠪᠠᠶᠢᠴᠠᠭᠠᠨ ᠴᠡᠭᠴᠡᠯᠡᠬᠦ ᠠᠵᠢᠯᠯᠠᠭ᠎ᠠ ᠶᠢ ᠬᠦᠴᠦᠲᠡᠢ ᠠᠳᠬᠤᠨ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠦᠨᠡᠨᠬᠦ ᠪᠠᠲᠤ ᠰᠠᠬᠢᠬᠤ ᠬᠡᠷᠡᠭᠲᠡᠢ᠃ ᠬᠠᠷᠢᠶ᠎ᠠ ᠣᠷᠣᠨ ᠤ   ᠪᠠᠨ ᠨᠡᠭᠦᠷᠡᠰᠦᠨ ᠤ ᠪᠤᠰᠤ ᠠᠭᠤᠷᠬᠠᠢ᠂ ᠵᠠᠮ ᠬᠠᠷᠢᠯᠴᠠᠭ᠎ᠠ᠂ ︽ᠶᠢᠰᠦᠨ ᠵᠢᠵᠢᠭ ᠲᠠᠯᠠᠪᠤᠷ︾ ᠵᠡᠷᠭᠡ ᠬᠦᠷᠢᠶ᠎ᠡ ᠴᠠᠷᠠᠭ᠎ᠠ  ᠳᠤ ᠣᠷᠣᠰᠢᠵᠤ ᠪᠠᠶᠢᠭ᠎ᠠ ᠬᠡᠮ ᠰᠣᠭᠤᠭ ᠢ ᠪᠥᠬᠦ ᠲᠠᠯ᠎ᠠ ᠪᠠᠷ  ᠪᠠᠶᠢᠴᠠᠭᠠᠵᠤ᠂ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠴᠢᠩᠭᠠᠷᠠᠭᠤᠯᠤᠨ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠬᠦᠯᠦᠨ ᠰᠢᠢᠳᠪᠦᠷᠢᠯᠡᠵᠦ᠂ ᠬᠡᠮ ᠰᠣᠭᠤᠭ ᠢ  ᠴᠤᠬᠤᠶᠢᠮᠠᠭᠴᠠ ᠠᠷᠢᠯᠭᠠᠬᠤ ᠬᠡᠷᠡᠭᠲᠡᠢ᠃ ︽ᠴᠠᠭ ᠢᠮᠠᠭᠲᠠ ᠰᠠᠨᠠᠭ᠎ᠠ ᠠᠯᠭᠠᠰᠠᠬᠤ︾ ᠬᠠᠷᠢᠭᠤᠴᠠᠯᠭᠠᠲᠤ ᠰᠡᠳᠬᠢᠯᠭᠡ ᠶᠢ ᠡᠪᠦᠷᠯᠡᠵᠦ᠂ ᠠᠯᠮᠠᠶᠢᠷᠠᠵᠤ ᠮᠢᠨᠴᠦᠭᠦᠷᠡᠬᠦ ᠦᠵᠡᠯ ᠰᠠᠨᠠᠭ᠎ᠠ ᠪᠣᠯᠣᠨ ᠠᠵᠠ ᠬᠠᠷᠠᠬᠤ ᠪᠤᠳᠤᠯ ᠰᠡᠳᠬᠢᠯ ᠢ ᠡᠷᠡᠰ ᠲᠡᠪᠴᠢᠨ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠣᠨ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂  ︽ᠭᠤᠷᠪᠠᠨ ᠬᠠᠮᠢᠶᠠᠷᠤᠯᠳᠠ ᠭᠤᠷᠪᠠᠨ ᠡᠷᠭᠡᠪᠰᠢ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠬᠠᠷᠢᠭᠤᠴᠠᠯᠭ᠎ᠠ ᠪᠠ ᠠᠷᠭ᠎ᠠ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠪᠦᠬᠦ ᠤᠯᠤᠰ ᠤᠨ ︽ᠬᠤᠶᠠᠷ ᠬᠤᠷᠠᠯ︾  ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠰᠠᠶᠢᠨ ᠬᠢᠵᠦ᠂ ᠨᠡᠶᠢᠭᠡᠮ ᠤᠨ ᠡᠶ᠎ᠡ ᠵᠤᠬᠢᠴᠠᠯ ᠪᠠ ᠠᠮᠤᠷ ᠲᠣᠭᠲᠠᠭᠤᠨ ᠢ ᠪᠠᠲᠤᠯᠠᠬᠤ ᠬᠡᠷᠡᠭᠲᠡᠢ  ᠬᠡᠵᠦ ᠴᠢᠬᠤᠯᠠᠴᠢᠯᠠᠭᠰᠠᠨ ᠪᠠᠶᠢᠨ᠎ᠠ  ᠃ ᠨᠠᠮ ᠤᠨ ᠬᠤᠷᠢᠶᠠᠨ ᠤ ᠭᠡᠰᠢᠭᠦᠨ᠂ ᠳᠡᠳ᠋ ᠪᠠᠯᠭᠠᠰᠤᠨ ᠳᠠᠷᠤᠭ᠎ᠠ᠂  ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠦ ᠭᠦᠸᠧ ᠳ᠋ᠦᠩ ᠠᠴᠠ   ᠤᠶᠢᠷ᠎ᠠ  ᠶᠢᠨ ᠬᠤᠭᠤᠴᠠᠭᠠᠨ ᠤ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠦᠨᠳᠦ  ᠶᠡᠭᠡ ᠤᠰᠤᠯ ᠠᠳᠡᠯ ᠢ ᠮᠡᠳᠡᠭᠳᠡᠵᠦ᠂  ︽ᠬᠤᠶᠠᠷ ᠬᠤᠷᠠᠯ︾  ᠤᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠣᠳᠠᠲᠠᠢ ᠲᠣᠬᠢᠷᠠᠭᠤᠯᠤᠯᠲᠠ ᠬᠢᠵᠡᠢ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号